ᠰᠧᠴᠤᠸᠠᠨ ᠮᠤᠵᠢ ᠶᠢᠨ ᠯᠧ ᠱᠠᠨ ᠬᠤᠲᠠ ᠶᠢᠨ ᠣᠯᠣᠰ ᠲᠦᠷᠥ ᠶᠢᠨ ᠵᠥᠪᠯᠡᠯᠭᠡᠨ ᠤ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠬᠢᠨ ᠬᠤᠷᠢᠨᠭᠡᠷ ᠰᠢᠶᠠᠨ ᠳᠤ ᠬᠦᠷᠴᠦ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠭᠠᠠᠪᠠ
ᠨᠡᠶᠢᠲᠡᠯᠡᠭᠰᠡᠨ ᠴᠠᠭ᠄
2018-10-19
     10 ᠳ᠋ᠤᠭᠠᠷ ᠰᠠᠷ᠎ᠠ ᠶᠢᠨ17 ᠤ ᠡᠳᠦᠷ᠂ ᠰᠧᠴᠤᠸᠠᠨ ᠮᠤᠵᠢ ᠶᠢᠨ ᠯᠧ ᠱᠠᠨ ᠬᠤᠲᠠ ᠶᠢᠨ ᠣᠯᠣᠰ ᠲᠦᠷᠥ ᠶᠢᠨ ᠵᠥᠪᠯᠡᠯᠭᠡᠨ ᠤ ᠳᠡᠳ᠋ ᠱᠦᠵᠢ ᠯᠢᠦ ᠪᠥᠸᠧ ᠨᠠᠷ ᠮᠠᠨ ᠤ ᠰᠢᠶᠠᠨ ᠤ ᠢᠷᠡᠵᠦ᠂ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠭᠠᠠᠪᠠ᠃ ᠬᠤᠲᠠ ᠶᠢᠨ ᠣᠯᠣᠰ ᠲᠦᠷᠥ ᠶᠢᠨ ᠵᠥᠪᠯᠡᠯᠭᠡᠨ ᠤ ᠳᠡᠳ᠋ ᠱᠦᠵᠢ ᠭᠤᠤ ᠵᠧᠨ ᠸᠧᠢ᠂ ᠰᠢᠶᠠᠨ ᠤ ᠣᠯᠣᠰ ᠲᠦᠷᠥ ᠶᠢᠨ ᠵᠥᠪᠯᠡᠯᠭᠡᠨ ᠤ ᠱᠦᠵᠢ ᠪᠠᠢ ᠷᠦᠢ  ᠶᠢᠨ ᠨᠠᠷ ᠪᠠᠷ᠎ᠠ ᠪᠣᠯᠣᠨ ᠰᠢᠨᠵᠢᠯᠡᠨ ᠪᠠᠶᠢᠴᠠᠭᠠᠪᠠ᠃      ᠪᠠᠶᠢᠴᠠᠭᠠᠬᠤ ᠳᠣᠭᠤᠶᠢᠯᠠᠩ ᠤᠨ ᠬᠢᠨ ᠣᠷᠢᠳ ᠬᠤᠵᠢᠳ ᠮᠧᠩ ᠼᠣᠣ ᠡᠪᠡᠰᠦ ᠴᠡᠴᠡᠭ ᠤᠨ ᠣᠷᠳᠣᠨ ᠪᠣᠯᠣᠨ ᠮᠧᠩ ᠨᠢᠦ ᠶᠢᠨ ᠵᠢᠷᠭᠤᠳᠣᠭᠠᠷ ᠬᠤᠭᠤᠴᠠᠭᠠᠨ ᠤ ᠢᠨᠵᠧᠨᠧᠷᠢᠩ ᠢ ᠲᠣᠭᠤᠷᠢᠨ ᠦᠵᠡᠵᠦ᠂ ᠮᠧᠩ ᠼᠣᠣ ᠶᠢᠨ ᠬᠤᠯᠪᠣᠭᠳᠠᠯ ᠪᠦᠬᠦᠢ ᠠᠵᠢᠯᠲᠠᠨ ᠤ ᠠᠮᠢ ᠠᠬᠤᠢ ᠶᠢᠨ ᠰᠡᠷᠭᠦᠭᠡᠯᠲᠡ᠂ ᠣᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠣᠶᠢᠵᠢᠭᠤᠯᠣᠯᠲᠠ ᠶᠢᠨ ᠠᠮᠢ ᠠᠬᠤᠢ᠂ ᠺᠤᠮᠫᠠᠨᠢ ᠶᠢᠨ ᠡᠵᠡᠩᠨᠡᠯᠲᠡ ᠶᠢᠨ ᠲᠣᠭᠲᠠᠴᠠ ᠪᠣᠯᠣᠨ ᠡᠵᠡᠩᠨᠡᠬᠦ ᠵᠠᠭᠪᠣᠷ ᠵᠡᠷᠭᠡ ᠲᠠᠯ᠎ᠠ ᠪᠠᠷ ᠬᠢ ᠲᠠᠨᠢᠯᠴᠠᠭᠤᠯᠭ᠎ᠠ ᠶᠢ ᠨᠠᠷᠢᠯᠢᠭ ᠰᠣᠨᠣᠰᠪᠠ᠃ ᠮᠧᠩ ᠨᠢᠦ ᠵᠢᠷᠭᠤᠳᠣᠭᠠᠷ ᠬᠤᠭᠤᠴᠠᠭ᠎ᠠ ᠳᠤ᠂ ᠮᠧᠩ ᠨᠢᠦ ᠪᠦᠯᠦᠭᠯᠡᠯ ᠤᠨ ᠬᠦᠭᠵᠢᠯᠲᠡ ᠶᠢᠨ ᠡᠬᠢ ᠡᠭᠦᠰᠦᠯ᠂ ᠲᠡᠥᠬᠡ ᠶᠢᠨ ᠲᠣᠶᠢᠮᠣ ᠪᠠᠶᠢᠳᠠᠯ᠂ ᠠᠵᠣ ᠦᠢᠯᠡᠰ ᠤᠨ ᠬᠦᠭᠵᠢᠯᠲᠡ ᠵᠢᠴᠢ ᠠᠵᠣ ᠠᠬᠤᠶᠢᠯᠠᠯ ᠤᠨ ᠠᠵᠣ ᠦᠢᠯᠡᠰ ᠤᠨ ᠲᠦᠯᠦᠪᠵᠢᠭᠦᠯᠭᠡ ᠵᠢᠴᠢ ᠵᠠᠬ᠎ᠠ ᠳᠡᠯᠭᠡᠭᠦᠷ ᠤᠨ ᠢᠷᠡᠭᠡᠳᠦᠢ ᠶᠢᠨ ᠪᠠᠶᠢᠳᠠᠯ ᠵᠡᠷᠭᠡ ᠲᠠᠯ᠎ᠠ ᠪᠠᠷ ᠬᠢ ᠲᠠᠶᠢᠯᠣᠮᠵᠢ ᠶᠢ ᠰᠣᠨᠣᠰᠣᠭᠰᠠᠨ ᠪᠠᠶᠢᠨ᠎ᠠ᠃      ᠪᠠᠶᠢᠴᠠᠭᠠᠬᠤ ᠳᠣᠭᠤᠶᠢᠯᠠᠩ ᠤᠨ ᠬᠢᠨ ᠮᠠᠨ ᠤ ᠰᠢᠶᠠᠨ ᠤ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠶᠢ ᠠᠬᠢᠭᠤᠯᠣᠭᠰᠠᠨ ᠪᠠᠶᠢᠳᠠᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠠᠨ ᠤ ᠰᠢᠶᠠᠨ ᠨᠢ ᠰᠢᠶᠠᠨ ᠤ ᠬᠡᠪᠴᠢᠶᠡᠨ ᠤ ᠠᠵᠣ ᠠᠬᠤᠢ ᠪᠠᠨ ᠬᠦᠭᠵᠢᠭᠦᠯᠦᠨ ᠠᠬᠢᠭᠤᠯᠵᠣ ᠪᠠᠶᠢᠭ᠎ᠠ ᠲᠠᠯ᠎ᠠ ᠪᠠᠷ ᠰᠡᠳᠬᠢᠮᠵᠢ ᠲᠣᠳᠣᠷᠬᠠᠢ᠂ ᠠᠷᠭ᠎ᠠ ᠬᠡᠮᠵᠢᠶ᠎ᠠ ᠬᠦᠴᠦᠲᠡᠢ ᠪᠠᠶᠢᠵᠣ᠂ ᠲᠣᠯᠢᠳᠠᠨ ᠰᠣᠷᠣᠯᠴᠠᠭᠤᠰᠢᠲᠠᠢ ᠵᠦᠢᠯ ᠤᠯᠠᠨ ᠪᠠᠶᠢᠨ᠎ᠠ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号