ᠴᠢᠩ ᠱᠦᠢ ᠾᠧ ᠰᠢᠶᠠᠨ ᠪᠦᠬᠦ ᠰᠢᠶᠠᠨ ᠤ ᠭᠠᠵᠠᠷ ᠣᠷᠣᠨ ᠤ ᠣᠨᠴᠠᠯᠢᠭ᠂ ᠠᠵᠤ ᠦᠢᠯᠡᠰ ᠤᠨ | ᠬᠥᠭᠵᠢᠯᠲᠡ ᠶᠢᠨ ᠣᠳᠣᠬᠢ ᠪᠠᠶᠢᠳᠠᠯ ᠪᠠ ᠤᠯᠠᠨ ᠲᠦᠮᠡᠨ ᠤ ᠬᠥᠭᠵᠢᠯᠲᠡ ᠶᠢᠨ ᠬᠦᠰᠡᠯ ᠳᠤ ᠰᠠᠭᠤᠷᠢᠯᠠᠨ᠂ ︽ | 12345︾ ᠭᠡᠷ ᠪᠦᠯᠢ ᠶᠢᠨ ᠠᠵᠤ ᠦᠢᠯᠡᠰ ︵ᠲᠤᠬᠠᠶᠢᠯᠠᠪᠠᠯ 1 ᠡᠷᠦᠬᠡ ᠲᠠᠷᠢᠶᠠᠴᠢᠨ 10 ᠮᠦ ᠲᠠᠷᠢᠶ᠎ᠠ ᠶᠢ | ᠲᠠᠷᠢᠵᠤ᠂ 20 ᠬᠤᠨᠢ ᠲᠡᠵᠢᠭᠡᠵᠦ᠂ 30 ᠨᠤᠲᠤᠭ ᠤᠨ ᠲᠠᠬᠢᠶ᠎ᠠ ᠲᠡᠵᠢᠭᠡᠵᠦ᠂ 40 ᠵᠢᠮᠢᠰ ᠤᠨ ᠮᠣᠳᠣ ᠲᠠᠷᠢᠵᠤ᠂ | 5 ᠲᠦᠮᠡᠨ ᠲᠥᠭᠦᠷᠢᠭ ᠤᠨ ᠣᠷᠣᠯᠭ᠎ᠠ ᠲᠠᠢ︶ ᠤᠨ ᠰᠠᠭᠤᠷᠢᠨ ᠳᠡᠭᠡᠷ᠎ᠡ᠂ ᠳᠠᠬᠢᠨ ᠨᠠᠷᠢᠯᠢᠭᠵᠢᠭᠤᠯᠤᠨ ᠰᠢᠬᠢᠷᠲᠤ | ᠲᠥᠮᠥᠰᠥ᠂ ᠬᠤᠯᠢᠮᠠᠭ ᠠᠮᠤ᠂ ᠥᠯᠵᠡᠶᠢᠲᠦ ᠤᠳᠪᠠᠯᠠ᠂ ᠬᠤᠨᠴᠢᠷ᠂ ᠬᠠᠶᠢᠲᠠᠩ ᠵᠢᠮᠢᠰ᠂ ᠢᠳᠡᠰᠢᠨ ᠬᠤᠨᠢ᠂ | ᠨᠤᠲᠤᠭ ᠤᠨ ᠭᠠᠭ᠋ᠠᠶ᠂ ᠢᠳᠡᠰᠢᠨ ᠡᠯᠵᠢᠭᠡ᠂ ᠢᠳᠡᠰᠢᠨ ᠦᠬᠡᠷ᠂ ᠰᠠᠭᠠᠯᠢ ᠶᠢᠨ ᠢᠮᠠᠭ᠎ᠠ᠂ ᠨᠤᠲᠤᠭ ᠤᠨ ᠲᠠᠬᠢᠶ᠎ᠠ | ᠵᠡᠷᠭᠡ ︽ᠲᠠᠪᠤᠨ ᠵᠦᠢᠯ ᠵᠢᠷᠭᠤᠭᠠᠨ ᠲᠡᠵᠢᠭᠡᠬᠦ︾ ᠨᠡᠶᠢᠳᠡ 11 ᠵᠦᠢᠯ ᠨᠡᠯᠢᠶᠡᠳ ᠰᠠᠶᠢᠨ ᠬᠥᠭᠵᠢᠯᠲᠡ ᠶᠢᠨ | ᠰᠠᠭᠤᠷᠢ ᠪᠠ ᠲᠠᠯᠳᠠ ᠬᠦᠴᠦᠨ ᠪᠦᠬᠦᠢ ᠶᠠᠳᠠᠭᠤ ᠶᠢ ᠲᠡᠳᠬᠦᠬᠦ ᠲᠥᠷᠥᠯ ᠵᠦᠢᠯ ᠢ ︽ᠵᠠᠬᠢᠶᠠᠯᠠᠭ᠎ᠠ︾ ᠳᠤ | ᠵᠢᠭᠰᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠪᠡᠶ᠎ᠡ ᠪᠠᠨ ᠳᠠᠭᠠᠭᠠᠵᠤ ︽ᠵᠠᠬᠢᠶᠠᠯᠠᠭ᠎ᠠ ᠬᠢᠬᠦ︾ ᠶᠢ ᠬᠠᠩᠭᠠᠨ᠎ᠠ᠃ | ︽ᠵᠠᠬᠢᠶᠠᠯᠠᠭ᠎ᠠ ᠮᠠᠶ᠋ᠢᠭ︾ ᠤᠨ ᠶᠠᠳᠠᠭᠤ ᠶᠢ ᠲᠡᠳᠬᠦᠬᠦ ᠳᠤ 9000 ᠲᠦᠮᠡᠨ ᠲᠥᠭᠦᠷᠢᠭ ᠤᠨ ᠶᠡᠷᠦᠩᠬᠡᠢ ᠪᠡᠯᠡ | ᠣᠷᠣᠭᠤᠯᠵᠤ᠂ ᠡᠷᠦᠬᠡ ᠪᠦᠷᠢ ᠳᠤ 1500 ᠲᠥᠭᠦᠷᠢᠭ ᠣᠷᠴᠢᠮ ᠤᠨ ᠣᠷᠣᠯᠭ᠎ᠠ ᠨᠡᠮᠡᠭᠳᠡᠭᠦᠯᠪᠡ᠃ |