ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠦᠴᠦᠸᠠᠨ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2018-10-22
     10 ᠳ᠋ᠤᠭᠠᠷ ᠰᠠᠷ᠎ᠠ ᠶᠢᠨ18 ᠤ ᠡᠳᠤᠷ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠬᠤᠢ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠦᠴᠦᠸᠠᠨ ᠰᠢᠶᠠᠨ ᠳᠤ  ᠬᠤᠷᠠᠯᠳᠤᠵᠤ᠂ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ ᠰᠠᠶᠢᠬᠠᠨ ᠲᠣᠭᠤᠷᠢᠭ᠂ ᠴᠢᠩ ᠱᠦᠢ ᠾᠧ ᠰᠢᠶᠠᠨ ᠪᠠ ᠲᠣᠭᠲᠠᠬᠤ ᠰᠢᠶᠠᠨ ᠠᠴᠠ ᠢᠷᠡᠭᠰᠡᠨ 160 ᠭᠠᠷᠤᠢ ᠤᠳᠤᠷᠢᠳᠤᠯᠭ᠎ᠠ ᠨᠠᠷ ᠤᠷᠢᠳ ᠬᠤᠵᠢᠳ ᠶᠠᠨ ᠭᠦ᠋ ᠹᠠᠩ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠬᠦ ᠬᠢᠵᠠᠭᠠᠷᠲᠤ ᠺᠣᠮᠫᠠᠨᠢ᠂ ᠶᠠᠳᠠᠭᠤ ᠶᠢ ᠲᠡᠳᠬᠦᠬᠦ ᠠᠯᠪᠠᠨ ᠭᠡᠷ᠂ ᠳᠡᠭᠡᠷ᠎ᠡ ᠲᠣᠬᠤᠢ ᠰᠢᠶᠠᠩ ᠤᠨ ᠳᠡᠭᠡᠷ᠎ᠡ ᠲᠣᠬᠤᠢ ᠲᠣᠰᠬᠤᠨ ᠳᠤ  ᠭᠦᠨᠵᠡᠭᠡᠶᠢᠷᠡᠵᠤ᠂ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠣᠮᠤ ᠳ᠋ᠠᠶᠢᠲ᠋ᠠ ᠲᠠᠪᠴᠠᠩ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠨᠠᠮ ᠤᠨ ᠪᠠᠶᠢᠭᠤᠯᠤᠯᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠤᠳᠤᠷᠢᠳᠤᠨ ᠳᠠᠭᠠᠭᠤᠯᠬᠤ ᠵᠡᠷᠭᠡ ᠠᠵᠢᠯ ᠤᠨ ᠲᠤᠬᠠᠢ ᠠᠬᠤᠢ ᠲᠠᠯᠠᠪᠠᠢ ᠳᠤ ᠨᠢ ᠪᠠᠶᠢᠴᠠᠭᠠᠨ ᠰᠣᠳᠤᠯᠤᠯᠲᠠ ᠬᠢᠵᠤ ᠲᠤᠷᠰᠢᠯᠭ᠎ᠠ ᠰᠤᠷᠤᠯᠴᠠᠪᠠ᠃ ᠰᠢᠶᠠᠨ ᠤ ᠤᠳᠤᠷᠢᠳᠤᠯᠭ᠎ᠠ ᠠᠴᠠ ᠰᠢᠤᠢ ᠶᠢᠨ ᠭᠸᠤ᠂ ᠶᠤᠸᠠᠨ ᠪᠥᠸᠧ᠂ ᠷᠧᠨ ᠶᠠᠨ ᠰᠢᠶᠠᠩ᠂ ᠭᠤᠣ ᠯᠠᠨ ᠭᠧᠨ ᠨᠠᠷ ᠪᠠᠷ᠎ᠠ ᠪᠣᠯᠪᠠ᠃      ᠣᠶᠢᠯᠭᠠᠭᠰᠠᠨ ᠢᠶᠠᠷ᠂ ᠥᠪᠦᠷ ᠮᠣᠩᠭᠤᠯ ᠤᠨ ᠶᠠᠨ ᠭᠦ᠋ ᠹᠠᠩ ᠠᠮᠢ ᠠᠠᠬᠤᠢ ᠶᠢᠨ ᠲᠠᠷᠢᠶᠠᠯᠠᠩ ᠢ ᠬᠥᠭᠵᠢᠭᠦᠯᠬᠦ ︵ᠪᠥᠯᠦᠭᠯᠡᠯ︶ ᠬᠢᠵᠠᠭᠠᠷᠲᠤ ᠺᠣᠮᠫᠠᠨᠢ ᠪᠣᠯ ᠰᠢᠨ᠎ᠡ ᠪᠠᠷ ᠪᠠᠶᠢᠭᠤᠯᠤᠭᠳᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠪᠥᠯᠦᠭᠯᠡᠯᠲᠤ ᠠᠵᠤ ᠠᠬᠤᠶᠢᠯᠠᠯ ᠮᠦᠨ᠂《 ᠨᠢᠭᠡ ᠲᠠᠷᠢᠶᠠᠴᠢᠨ ᠨᠢᠭᠡ ᠬᠤᠲᠠ ᠶᠢᠨ ᠠᠷᠠᠳ》 ᠢᠶᠠᠷ ᠭᠤᠣᠯ ᠡᠵᠡᠩᠨᠡᠬᠦ ᠤᠬᠠᠭᠳᠠᠬᠤᠨ ᠪᠣᠯᠭᠠᠵᠤ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠲᠠᠢ ᠬᠠᠮᠵᠢᠯᠴᠠᠵᠤ᠂《 ᠠᠵᠤ ᠠᠬᠤᠶᠢᠯᠠᠯ + ᠰᠠᠭᠤᠷᠢᠨ ᠭᠠᠵᠠᠷ + ᠰᠢᠨᠵᠢᠯᠡᠭᠡ ᠮᠡᠷᠭᠡᠵᠢᠯ + ᠲᠠᠷᠢᠶᠠᠴᠢᠨ ᠡᠷᠦᠬᠡ》 ᠶᠢᠨ ᠬᠥᠭᠵᠢᠯᠲᠡ ᠶᠢᠨ ᠬᠡᠯᠪᠡᠷᠢ ᠪᠠᠷ ᠳᠠᠮᠵᠢᠭᠤᠯᠤᠨ ᠲᠠᠷᠢᠮᠠᠯ ᠢ ᠬᠤᠳᠠᠯᠳᠤᠨ ᠠᠪᠬᠤ ᠪᠠ ᠵᠠᠬ᠎ᠠ ᠳᠡᠯᠭᠡᠭᠦᠷ ᠤᠨ ᠪᠠᠶᠢᠳᠠᠯ ᠢ ᠵᠣᠯᠭᠠᠭᠤᠯᠵᠤ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠳᠤ ᠰᠠᠶᠢᠨ ᠳᠤᠷ᠎ᠠ ᠠᠴᠠ ᠪᠠᠨ ᠣᠷᠤᠯᠴᠠᠭᠰᠠᠨ ᠪᠠᠶᠢᠨ᠎ᠠ᠃ ᠶᠠᠨ ᠭᠦ᠋ ᠹᠠᠩ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠬᠦ ᠬᠢᠵᠠᠭᠠᠷᠲᠤ ᠺᠣᠮᠫᠠᠨᠢ ᠨᠢ 2015 ᠣᠨ ᠠᠴᠠ ᠡᠬᠢᠯᠡᠨ ᠨᠤᠬᠠᠢ ᠶᠢᠨ ᠬᠤᠰᠢᠭᠤ ᠶᠢ ᠵᠠᠬᠢᠶᠠᠯᠠᠨ ᠲᠠᠷᠢᠵᠤ ᠬᠤᠳᠠᠯᠳᠤᠨ ᠠᠪᠬᠤ ᠬᠡᠯᠪᠡᠷᠢ ᠶᠢ ᠬᠡᠷᠡᠭᠵᠢᠭᠦᠯᠵᠦ᠂ ᠵᠢᠯ ᠪᠦᠷᠢ ᠶᠢᠨ ᠵᠠᠬᠢᠶᠠᠯᠠᠭ᠎ᠠ ᠪᠠᠷ ᠬᠤᠳᠠᠯᠳᠤᠨ ᠠᠪᠬᠤ ᠦᠨ᠎ᠡ ᠨᠢ ᠵᠠᠬ᠎ᠠ ᠳᠡᠯᠭᠡᠭᠦᠷ ᠤᠨ ᠦᠨ᠎ᠡ ᠠᠴᠠ 30%-40% ᠪᠠᠷ ᠦᠨᠳᠦᠷ ᠪᠠᠶᠢᠵᠤ᠂ ᠡᠷᠦᠬᠡ ᠪᠦᠷᠢ ᠶᠢᠨ ᠲᠡᠭᠰᠢᠳᠬᠡᠭᠰᠡᠨ ᠨᠡᠮᠡᠭᠳᠡᠯ ᠣᠷᠤᠯᠭ᠎ᠠ 2000 ᠭᠠᠷᠤᠢ ᠲᠥᠭᠦᠷᠢᠭ ᠲᠤ ᠬᠦᠷᠳᠡᠭ᠃ 2018 ᠣᠨ ᠪᠣᠯᠲᠠᠯ᠎ᠠ᠂ ᠵᠠᠬᠢᠶᠠᠯᠠᠭ᠎ᠠ ᠶᠢᠨ ᠡᠷᠦᠬᠡ ᠶᠢᠨ ᠲᠤᠭ᠎ᠠ 963 ᠡᠷᠦᠬᠡ ᠳᠤ ᠬᠦᠷᠴᠤ᠂  ᠵᠠᠬᠢᠶᠠᠯᠠᠭ᠎ᠠ ᠪᠠᠷ ᠲᠠᠷᠢᠬᠤ ᠲᠠᠯᠠᠪᠠᠢ 4.3 ᠲᠦᠮᠡᠨ ᠮᠦ ᠬᠦᠷᠪᠡ︔  ᠡᠭᠦᠨ ᠤ ᠳᠠᠭᠤ᠂ ᠺᠣᠮᠫᠠᠨᠢ ᠠᠴᠠ 341 ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠳᠤ ᠵᠠᠬᠢᠶᠠᠯᠠᠭ᠎ᠠ ᠪᠠᠷ ᠶᠠᠳᠠᠭᠤ ᠶᠢ ᠲᠡᠳᠬᠦᠬᠦ《 ᠭᠤᠷᠪᠠ ᠶᠢ ᠡᠷᠦᠬᠡ ᠳᠤ ᠬᠦᠷᠭᠡᠬᠦ》 ︵ᠬᠠᠪᠤᠷ ᠤᠨ ᠤᠯᠠᠷᠢᠯ ᠳᠤ ᠵᠠᠬᠢᠶᠠᠯᠠᠭ᠎ᠠ ᠶᠢ ᠡᠷᠦᠬᠡ ᠳᠤ ᠬᠦᠷᠭᠡᠬᠦ᠂ ᠨᠠᠮᠤᠷ ᠤᠨ ᠤᠯᠠᠷᠢᠯ ᠳᠤ ᠬᠠᠭᠲᠤᠵᠤ ᠬᠤᠷᠢᠶᠠᠬᠤ ᠨᠥᠬᠦᠪᠦᠷᠢ ᠶᠢ ᠡᠷᠦᠬᠡ ᠳᠤ ᠬᠦᠷᠭᠡᠬᠦ᠂ ᠪᠤᠷᠤᠯᠠᠭᠤᠯᠤᠨ ᠲᠡᠭᠡᠭᠡᠪᠦᠷᠢᠯᠡᠬᠦ ᠨᠥᠬᠦᠪᠦᠷᠢ ᠶᠢ ᠡᠷᠦᠬᠡ ᠳᠤ ᠬᠦᠷᠭᠡᠬᠦ︶ ᠶᠢ ᠬᠡᠷᠡᠭᠵᠢᠭᠦᠯᠦᠭᠰᠡᠨ ᠪᠥᠭᠡᠳ ᠵᠠᠬᠢᠶᠠᠯᠠᠭ᠎ᠠ ᠪᠠᠷ ᠨᠣᠬᠠᠢ ᠶᠢᠨ ᠬᠤᠰᠢᠭᠤ ᠲᠠᠷᠢᠭᠰᠠᠨ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠡᠷᠦᠬᠡ ᠳᠤ ᠮᠦ ᠪᠦᠷᠢ ᠳᠤ18 ᠲᠥᠭᠦᠷᠢᠭ ᠤᠨ ᠬᠠᠳᠤᠵᠤ ᠬᠤᠷᠢᠶᠠᠬᠤ ᠨᠥᠬᠦᠪᠦᠷᠢ᠂ ᠲᠤᠨ ᠪᠦᠷᠢ ᠳᠤ 20 ᠲᠥᠭᠦᠷᠢᠭ ᠤᠨ ᠲᠡᠭᠡᠭᠡᠪᠦᠷᠢᠯᠡᠬᠦ ᠨᠥᠬᠦᠪᠦᠷᠢ ᠥᠭᠬᠦ ᠪᠠᠷ ᠠᠮᠠᠯᠳᠠᠪᠠ᠃ ᠵᠠᠬᠢᠶᠠᠯᠠᠭ᠎ᠠ ᠪᠠᠷ ᠲᠠᠷᠢᠬᠤ ᠨᠢ ᠲᠤᠬᠠᠢ ᠶᠢᠨ ᠭᠠᠵᠠᠷ ᠤᠨ ᠨᠣᠬᠠᠢ ᠶᠢᠨ ᠬᠤᠰᠢᠭᠤ ᠶᠢᠨ ᠵᠠᠬ᠎ᠠ ᠳᠡᠯᠭᠡᠭᠦᠷ ᠤᠨ ᠦᠨ᠎ᠡ ᠶᠢ ᠳᠡᠭᠡᠭᠰᠢ ᠲᠠᠲᠠᠵᠤ᠂ ᠨᠣᠬᠠᠢ ᠶᠢᠨ ᠬᠤᠰᠢᠭᠤ ᠲᠠᠷᠢᠬᠤ ᠲᠠᠯᠠᠪᠠᠢ ᠶᠢᠨ ᠥᠷᠭᠡᠳᠬᠦ ᠶᠢ ᠠᠬᠢᠭᠤᠯᠵᠤ᠂ ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠳᠠᠶᠢᠴᠢᠯᠠᠵᠤ᠂ ᠵᠠᠬ᠎ᠠ ᠳᠡᠯᠭᠡᠭᠦᠷ ᠤᠨ ᠠᠵᠤ ᠠᠬᠤᠶᠢᠴᠢᠯᠠᠯᠲᠠ ᠳᠣᠣᠷᠠᠬᠢ ᠲᠠᠷᠢᠶᠠᠴᠢᠳ ᠤᠨ ᠠᠮᠤ ᠪᠤᠳᠠᠭ᠎ᠠ ᠬᠤᠳᠠᠯᠳᠤᠬᠤ ᠬᠦᠴᠢᠷ ᠠᠰᠠᠭᠤᠳᠠᠯ ᠢ ᠪᠥᠲᠦᠮᠵᠢᠲᠠᠢ ᠰᠢᠢᠳᠪᠦᠷᠢᠯᠡᠵᠦ᠂ ᠲᠠᠷᠢᠶᠠᠴᠢᠳ ᠤᠨ ᠣᠷᠤᠯᠭ᠎ᠠ ᠶᠢᠨ ᠦᠷᠬᠦᠯᠵᠢᠯᠡᠨ ᠨᠡᠮᠡᠭᠳᠡᠬᠦ ᠪᠠ ᠠᠮᠤ ᠪᠤᠳᠠᠭᠠᠨ ᠤ ᠴᠢᠨᠠᠷ ᠤᠨ ᠠᠮᠤᠷ ᠲᠥᠪᠰᠢᠨ ᠢ ᠠᠬᠢᠭᠤᠯᠪᠠ᠃      ᠬᠤᠷᠠᠯ ᠳᠤ ᠣᠷᠤᠯᠴᠠᠭᠰᠠᠳ ᠠᠴᠠ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠭᠦᠢᠴᠡᠳ ᠨᠣᠲᠠᠯᠠᠵᠤ᠂ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠯᠠᠪᠳᠠᠭᠤᠨ ᠪᠠᠲᠤᠲᠠᠢ᠂ ᠨᠠᠷᠢᠨ ᠬᠢᠨᠠᠮᠠᠭᠠᠢ᠂ ᠮᠠᠲ᠋ᠧᠷᠢᠶᠠᠯ ᠪᠦᠷᠢᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠣᠨᠴᠠᠯᠠᠭᠳᠠᠵᠤ᠂  ᠲᠥᠭᠡᠮᠡᠯᠵᠢᠭᠦᠯᠦᠨ‌‍ᠰᠤᠷᠤᠯᠴᠠᠭᠤᠰᠢᠲᠠᠢ ᠭᠡᠵᠤ ᠪᠠᠶᠢᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号