ᠰᠤᠷᠪᠤᠯᠵᠢᠯᠠᠭᠴᠢ ᠬᠦᠬᠡᠬᠤᠳᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠠᠴᠠ ᠤᠶᠢᠯᠠᠭᠠᠭᠰᠠᠨ ᠢᠶᠠᠷ᠂ | ᠴᠠᠭ ᠠᠭᠤᠷ ᠤᠨ ᠲᠤᠪᠴᠢᠶ᠎ᠠ ᠶᠢᠨ ᠪᠠᠷᠠᠭᠤᠨ ᠵᠠᠮ ᠵᠢᠴᠢ ᠴᠢᠩᠬᠢᠰ ᠬᠠᠭᠠᠨ ᠶᠡᠭᠡ ᠵᠡᠭᠡᠯᠢ ᠶᠢᠨ ᠤᠶᠢᠷ᠎ᠠ ᠬᠠᠪᠢ ᠶᠢᠨ | ᠢᠷᠭᠡᠳ ᠤᠨ ᠵᠤᠷᠴᠢᠬᠤ ᠱᠠᠭᠠᠷᠳᠠᠯᠭ᠎ᠠ ᠶᠢ ᠬᠠᠩᠭᠠᠬᠤ ᠪᠦ᠋ᠭᠡᠳ ᠢᠷᠭᠡᠳ ᠤᠨ ᠰᠢᠨ᠎ᠡ ᠬᠤᠳᠠ ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠲᠤ ᠤᠴᠢᠬᠤ ᠳᠤ ᠲᠦᠬᠦᠮ ᠦᠵᠡᠬᠦᠯᠬᠦ ᠶᠢᠨ ᠲᠦᠯᠦᠬᠡ ᠲᠤᠰ | ᠺᠤᠮᠫᠠᠨᠢ ᠤᠯᠠᠨ ᠤᠳᠠᠭ᠎ᠠ ᠶᠢᠨ ᠪᠠᠶᠢᠴᠠᠭᠠᠯᠳᠠ ᠪᠠᠷ ᠲᠠᠮᠵᠢᠨ 10 ᠰᠠᠷ᠎ᠠ ᠶᠢᠨ 18 ᠤ ᠡᠳᠤᠷ ᠬᠤᠳᠠ | ᠲᠤᠭᠤᠷᠢᠭ ᠤᠨ S6 ᠵᠠᠮ ᠤᠨ ᠠᠦ᠋ᠲ᠋ᠤᠪᠦ᠋ᠰ ᠲᠤᠬᠢᠷᠠᠭᠤᠯᠤᠭᠰᠠᠨ ᠪᠠᠶᠢᠨ᠎ᠠ᠃ | ᠡᠬᠦᠨ ᠠᠴᠠ ᠭᠠᠳᠠᠨ᠎ᠠ ᠪᠠᠰᠠ᠂ ᠠᠦ᠋ᠲ᠋ᠤᠪᠦ᠋ᠰ ᠤᠨ ᠱᠤᠭᠤᠮ ᠤᠨ ᠰᠦᠯᠵᠢᠶ᠎ᠡ ᠶᠢ ᠲᠡᠬᠦᠯᠳᠡᠷᠵᠢᠬᠦᠯᠤᠨ᠂ | ᠬᠦᠬᠡᠬᠤᠳᠠ ᠶᠢᠨ ᠪᠠᠷᠠᠭᠤᠨ ᠪᠦᠰᠡ ᠶᠢᠨ ᠬᠤᠳᠠ ᠲᠤᠭᠤᠷᠢᠭ ᠤᠨ ᠬᠦᠭᠵᠢᠯᠳᠡ ᠶᠢᠨ ᠲᠦᠯᠦᠪᠯᠡᠭᠡ ᠳᠤ ᠵᠤᠷᠢᠭᠤᠯᠤᠨ | ᠪᠠᠷᠠᠭᠤᠨ ᠪᠦᠰᠡ ᠶᠢᠨ ᠡᠯ᠎ᠡ ᠠᠵᠤ ᠠᠬᠤᠶᠢᠯᠠᠯ ᠪᠠᠶᠢᠭᠤᠯᠤᠯᠭ᠎ᠠ ᠵᠢᠴᠢ ᠢᠷᠭᠡᠳ ᠤᠨ ᠵᠤᠷᠴᠢᠬᠤ ᠳᠤ ᠵᠤᠷᠢᠭᠤᠯᠤᠨ | ᠬᠤᠳᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠬᠡᠬᠡᠷ᠎ᠡ ᠶᠢᠨ ᠪᠠᠶᠢᠴᠠᠭᠠᠯᠳᠠ ᠪᠤᠯᠤᠨ ᠮᠠᠰᠢᠨ ᠬᠡᠷᠡᠭᠯᠡᠬᠦ | ᠪᠠᠶᠢᠭᠤᠯᠤᠯᠭ᠎ᠠ ᠲᠠᠢ ᠶᠠᠷᠢᠯᠴᠠᠭᠰᠠᠨ ᠢᠶᠠᠷ᠂ 10 ᠰᠠᠷ᠎ᠠ ᠶᠢᠨ 16 ᠤ ᠡᠳᠤᠷ ᠠᠴᠠ ᠡᠬᠢᠯᠡᠨ ᠰᠢᠨ᠎ᠡ ᠪᠠᠷ 4 ᠵᠤᠷᠪᠤᠰ | ᠠᠦ᠋ᠲ᠋ᠤᠪᠦ᠋ᠰ ᠤᠨ ᠱᠤᠭᠤᠮ D5᠂ D6᠂ D7᠂ D8 ᠶᠢ ᠲᠤᠷᠰᠢᠨ ᠠᠶᠠᠯᠠᠭᠤᠯᠤᠭᠰᠠᠨ ᠪᠠᠶᠢᠨ᠎ᠠ᠃ |