ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠤ ᠶᠢᠨ ᠶᠡᠭᠡ ᠰᠤᠷᠭᠠᠭᠤᠯᠢ ᠪᠠᠶᠢᠭᠤᠯᠤᠬᠳᠠᠯ᠎ᠠ
ᠨᠡᠶᠢᠲᠡᠯᠡᠭᠰᠡᠨ ᠴᠠᠭ᠄
2018-10-22
      ᠰᠢᠨᠬᠤᠸᠠ ᠨᠧᠲ ᠬᠦᠬᠡᠬᠤᠲᠠ ᠶᠢᠨ 10 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ︵ᠼᠤᠤ ᠵᠤᠨ︶ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠤ ᠶᠢᠨ ᠶᠡᠭᠡ ᠰᠤᠷᠭᠠᠭᠤᠯᠢ ᠪᠤᠯᠤᠨ ᠪᠡᠭᠡᠵᠢᠩ ᠡᠮᠨᠡᠯᠭᠡ ᠶᠢᠨ ᠦᠲᠡᠭᠦᠰ ᠤᠨ ᠡᠷᠡᠭᠦᠯ ᠮᠡᠨᠳᠤ ᠶᠢᠨ ᠶᠡᠭᠡ ᠰᠤᠷᠭᠠᠭᠤᠯᠢ ᠶᠢᠨ ᠦᠪᠦᠷ ᠮᠤᠩᠭᠤᠯ ᠳᠠᠬᠢ ᠰᠠᠯᠪᠤᠷᠢ 18 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠡᠮᠨᠡᠯᠭᠡ ᠳᠤ ᠵᠡᠷᠭᠡᠪᠡᠷ ᠫᠠᠶᠢᠰᠠ ᠰᠡᠭᠦᠨ ᠪᠠᠶᠢᠭᠤᠯᠤᠬᠳᠠᠯ᠎ᠠ᠃ ᠲᠤᠰ ᠬᠤᠶᠠᠷ ᠰᠤᠷᠭᠠᠭᠤᠯᠢ ᠨᠢ ᠡᠯ᠎ᠡ ᠠᠶᠢᠮᠠᠬ ᠬᠤᠲᠠ ᠶᠢᠨ ᠠᠯᠪᠠᠨ ᠤ ᠡᠮᠨᠡᠯᠭᠡ ᠲᠠᠢ ᠬᠠᠮᠲᠤᠷᠠᠨ ᠤᠯᠠᠨ ᠲᠦᠮᠡᠨ ᠬᠢᠭᠡᠳ ᠡᠷᠡᠭᠦᠯ ᠮᠡᠨᠳᠤ ᠶᠢᠨ ᠦᠢᠯᠡᠴᠢᠯᠡᠭᠡᠨ ᠤ ᠠᠵᠢᠯᠲᠠᠳ ᠲᠤ ᠲᠦᠯᠦᠪᠦᠷᠢ ᠦᠭᠡᠢ ᠬᠢᠴᠢᠶᠡᠯᠯᠡᠭᠡ ᠪᠤᠯᠤᠨ ᠰᠤᠷᠭᠠᠯᠲᠠ ᠬᠦᠷᠲᠡᠭᠡᠬᠦ ᠪᠤᠯᠤᠨ᠎ᠠ᠃      ᠤᠶᠢᠯᠠᠭᠠᠬᠰᠠᠨ ᠢᠶᠠᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠤ ᠶᠢᠨ ᠶᠡᠭᠡ ᠰᠤᠷᠭᠠᠭᠤᠯᠢ ᠨᠢ ᠦᠪᠡᠷᠲᠡᠭᠡᠨ ᠬᠢᠴᠢᠶᠡᠯ ᠰᠤᠩᠭᠤᠬᠤ ᠪᠤᠯᠤᠨ ᠰᠥᠯᠵᠢᠶᠡᠨ ᠳᠡᠭᠡᠷ᠎ᠡ ᠪᠤᠶᠤ ᠪᠤᠳᠠᠳᠠᠢ ᠳᠤ ᠬᠢᠴᠢᠶᠡᠯᠯᠡᠬᠦ ᠶᠢ ᠤᠶᠠᠯᠳᠤᠭᠤᠯᠵᠦ᠂ ᠦᠪᠦᠷ ᠮᠤᠩᠭᠤᠯ ᠤᠨ ᠡᠯ᠎ᠡ ᠳᠡᠰ ᠤᠨ ᠡᠷᠡᠭᠦᠯ ᠮᠡᠨᠳᠤ ᠶᠢᠨ ᠦᠢᠯᠡᠴᠢᠯᠡᠭᠡᠨ ᠤ ᠠᠵᠢᠯᠲᠠᠳ ᠲᠤ ᠲᠦᠷᠢᠮᠵᠢᠭᠰᠡᠨ ᠰᠤᠷᠭᠠᠯᠲᠠ ᠬᠦᠷᠲᠡᠭᠡᠨ᠂ ᠡᠷᠡᠭᠦᠯ ᠮᠡᠨᠳᠤ ᠶᠢᠨ ᠪᠤᠯᠪᠠᠰᠤᠷᠠᠯ ᠤᠨ ᠴᠢᠳᠠᠮᠵᠢ ᠪᠤᠯᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠬᠤᠶᠢᠰᠢᠲᠠ ᠲᠤᠰ ᠰᠤᠷᠭᠠᠭᠤᠯᠢ ᠨᠢ ᠦᠪᠦᠷ ᠮᠤᠩᠭᠤᠯ ᠤᠨ ᠤᠨᠴᠠᠯᠢᠬ ᠲᠤ ᠲᠤᠬᠢᠷᠠᠬᠰᠠᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠲᠦᠰᠦᠯ ᠢ ᠡᠷᠢᠯᠬᠢᠯᠡᠵᠦ᠂ ᠠᠷᠭ᠎ᠠ ᠮᠡᠷᠭᠡᠵᠢᠯ ᠤᠨ ᠰᠤᠷᠭᠠᠯᠲᠠ ᠶᠢ ᠦᠷᠨᠢᠭᠦᠯᠤᠨ᠂ ᠡᠷᠡᠭᠦᠯ ᠮᠡᠨᠳᠤ ᠶᠢᠨ ᠪᠤᠯᠪᠠᠰᠤᠷᠠᠯ ᠳᠠᠬᠢ ᠮᠡᠳᠡᠯᠭᠡ ᠶᠢᠨ ᠪᠦᠲᠦᠴᠡ ᠶᠢᠨ ᠲᠤᠳᠠᠬᠳᠠᠯ ᠢ ᠨᠦᠬᠦᠪᠦᠷᠢᠯᠡᠨ᠂ ᠡᠷᠡᠭᠦᠯ ᠮᠡᠨᠳᠤ ᠶᠢᠨ ᠪᠤᠯᠪᠠᠰᠤᠷᠠᠯ ᠤᠨ ᠠᠭᠤᠯᠭ᠎ᠠ ᠬᠡᠳᠦᠷᠬᠡᠢ ᠮᠡᠷᠭᠡᠵᠢᠯ ᠤᠨ ᠪᠤᠶᠤ ᠡᠷᠳᠡᠮ ᠰᠢᠨᠵᠢᠯᠡᠭᠡᠨ ᠤ ᠪᠤᠯᠬᠤ ᠠᠴᠠ ᠵᠠᠶᠢᠯᠠᠰᠭᠢᠨ᠎ᠡ᠃ ᠡᠭᠦᠨ ᠲᠠᠢ ᠵᠡᠷᠭᠡᠪᠡᠷ ᠮᠦᠨ ᠨᠢᠭᠡ ᠢᠵᠢ ᠰᠢᠯᠢᠳᠡᠭ ᠬᠢᠴᠢᠶᠡᠯᠯᠡᠬᠦ ᠪᠢᠴᠢᠭ ᠨᠠᠶᠢᠷᠠᠭᠤᠯᠤᠨ ᠭᠠᠷᠭᠠᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠴᠢᠨᠠᠷ ᠴᠢᠨᠰᠠᠭ᠎ᠠ ᠬᠢᠭᠡᠳ ᠠᠮᠢ ᠨᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ      ᠪᠡᠭᠡᠵᠢᠩ ᠡᠮᠨᠡᠯᠭᠡ ᠶᠢᠨ ᠦᠲᠡᠭᠦᠰ ᠤᠨ ᠡᠷᠡᠭᠦᠯ ᠮᠡᠨᠳᠤ ᠶᠢᠨ ᠶᠡᠭᠡ ᠰᠤᠷᠭᠠᠭᠤᠯᠢ ᠶᠢᠨ ᠦᠪᠦᠷ ᠮᠤᠩᠭᠤᠯ ᠳᠠᠬᠢ ᠰᠠᠯᠪᠤᠷᠢ ᠨᠢ ᠪᠡᠭᠡᠵᠢᠩ ᠡᠮᠨᠡᠯᠭᠡ ᠶᠢᠨ ᠦᠲᠡᠭᠦᠰ ᠤᠨ ᠡᠷᠡᠭᠦᠯ ᠮᠡᠨᠳᠤ ᠶᠢᠨ ᠶᠡᠭᠡ ᠰᠤᠷᠭᠠᠭᠤᠯᠢ ᠳᠠᠭᠠᠨ ᠲᠦᠰᠢᠭᠯᠡᠵᠦ᠂ ᠡᠷᠡᠭᠦᠯ ᠮᠡᠨᠳᠤ ᠪᠤᠯᠤᠨ ᠡᠪᠡᠳᠴᠢᠨ ᠤ ᠰᠢᠨᠵᠢᠯᠡᠬᠦ ᠤᠬᠠᠭᠠᠨ ᠢ ᠲᠦᠭᠡᠮᠵᠢᠯᠡᠭᠦᠯᠬᠦ ᠪᠣᠯᠪᠠᠰᠤᠷᠠᠭᠤᠯᠤᠯ ᠢᠶᠠᠷ ᠳᠠᠮᠵᠢᠨ᠂ ᠦᠲᠡᠭᠦᠰ ᠤᠨ ᠦᠨᠳᠦᠰᠦᠨ ᠡᠷᠡᠭᠦᠯ ᠮᠡᠨᠳᠦ ᠶᠢᠨ ᠤᠬᠠᠬᠳᠠᠬᠤᠨ᠂ ᠡᠪᠡᠳᠴᠢᠨ ᠰᠤᠪᠢᠯᠠᠬᠤ᠂ ᠡᠮ ᠬᠡᠷᠡᠭᠯᠡᠬᠦ ᠮᠡᠳᠡᠯᠭᠡ ᠪᠤᠯᠤᠨ ᠪᠠᠴᠢᠮ ᠠᠪᠤᠷᠠᠯᠲᠠ ᠶᠢᠨ ᠴᠢᠳᠠᠪᠤᠷᠢ ᠶᠢ ᠡᠵᠡᠮᠰᠢᠬᠦ ᠳᠤᠨᠢ ᠲᠤᠰᠠᠯᠠᠵᠦ᠂ ᠦᠲᠡᠭᠦᠰ ᠤᠨ ᠶᠡᠷᠦᠩᠬᠡᠶᠢᠯᠡᠭᠰᠡᠨ ᠡᠷᠡᠭᠦᠯ ᠮᠡᠨᠳᠦ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠭᠦᠨ ᠤ ᠵᠡᠷᠭᠡᠪᠡᠷ ᠮᠦᠨ ᠦᠲᠡᠭᠦᠰ ᠲᠤ ᠡᠪᠡᠳᠴᠢᠨ ᠢ ᠡᠮᠨᠡᠭᠦᠯᠬᠦ ᠪᠤᠯᠤᠨ ᠰᠡᠷᠭᠡᠶᠢᠯᠡᠬᠦ᠂ ᠡᠷᠡᠭᠦᠯ ᠮᠡᠨᠳᠤ ᠶᠢᠨ ᠬᠠᠮᠢᠶᠠᠷᠤᠯᠲᠠ ᠵᠡᠷᠭᠡ ᠬᠤᠯᠪᠤᠬᠳᠠᠬᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号