| | | 10 ᠳ᠋ᠤᠭᠠᠷ ᠰᠠᠷ᠎ᠠ ᠶᠢᠨ 18 ᠤ ᠡᠳᠤᠷ᠂ ᠦᠴᠦᠸᠠᠨ ᠰᠢᠶᠠᠨ《 ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠦᠴᠦᠸᠠᠨ ᠰᠢᠶᠠᠨ ᠤ ᠬᠥᠭᠵᠢᠯᠲᠡ ᠶᠢᠨ ᠲᠡᠤᠬᠡ》 ᠶᠢ ᠬᠢᠨᠠᠨ ᠲᠣᠭᠲᠠᠭᠠᠬᠤ ︵ᠬᠢᠨᠠᠨ ᠲᠣᠭᠲᠠᠭᠠᠬᠤ ᠡᠬᠡ | ᠪᠢᠴᠢᠭ︶ ᠬᠤᠷᠠᠯ ᠬᠤᠷᠠᠯᠳᠤᠭᠤᠯᠪᠠ᠃ ᠬᠤᠲᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ | ᠪᠥᠲᠦᠭᠡᠨ ᠪᠠᠶᠢᠭᠤᠯᠤᠯᠲᠠ ᠶᠢ ᠠᠬᠢᠭᠤᠯᠬᠤ ᠭᠠᠵᠠᠷ ᠤᠨ ᠳᠠᠷᠤᠭ᠎ᠠ ᠯᠢᠦ ᠰᠢᠶᠠᠩ ᠶᠦᠨ᠂ ᠰᠢᠶᠠᠨ ᠤ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠡᠦ ᠸᠧᠨ ᠪᠢᠶᠣᠣ᠂ ᠰᠢᠶᠠᠨ ᠤ ᠤᠯᠤᠰ ᠲᠥᠷᠦ ᠶᠢᠨ | ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠢᠴᠢ ᠡᠯ᠎ᠡ ᠰᠢᠶᠠᠩ ᠪᠠᠯᠭᠠᠰᠤ ᠶᠢᠨ ᠬᠠᠮᠢᠶ᠎ᠠ ᠪᠥᠬᠦᠢ | ᠬᠠᠷᠢᠭᠤᠴᠠᠯᠭᠠᠲᠠᠳ ᠵᠢᠴᠢ ᠨᠢᠭᠡ ᠪᠥᠯᠦᠭ ᠠᠵᠢᠯ ᠠᠴᠠ ᠠᠮᠠᠷᠠᠭᠰᠠᠨ ᠺᠠᠳ᠋ᠷᠴᠣᠳ ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠭᠤᠣᠯ ᠨᠠᠶᠢᠷᠠᠭᠤᠯᠤᠭᠴᠢ ᠭᠦᠸᠧ ᡁᠢ ᠭᠠᠩ ᠠᠴᠠ《 ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ ᠦᠴᠦᠸᠠᠨ ᠰᠢᠶᠠᠨ ᠤ ᠬᠥᠭᠵᠢᠯᠲᠡ ᠶᠢᠨ ᠲᠡᠤᠬᠡ》︵ᠬᠢᠨᠠᠨ ᠲᠣᠭᠲᠠᠭᠠᠬᠤ ᠡᠬᠡ ᠪᠢᠴᠢᠭ︶ ᠢ | ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠲᠠᠨᠢᠯᠴᠠᠭᠤᠯᠪᠠ᠃ ᠳᠠᠷᠠᠭ᠎ᠠ ᠨᠢ᠂ ᠬᠤᠷᠠᠯ ᠳᠤ ᠣᠷᠤᠯᠴᠠᠭᠰᠠᠳ | ᠲᠠᠢ ᠬᠠᠮᠲᠤ ᠪᠠᠷ《 ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠦᠴᠦᠸᠠᠨ ᠰᠢᠶᠠᠨ ᠤ ᠬᠥᠭᠵᠢᠯᠲᠡ ᠶᠢᠨ | ᠲᠡᠤᠬᠡ》︵ᠬᠢᠨᠠᠨ ᠲᠣᠭᠲᠠᠭᠠᠬᠤ ᠡᠬᠡ ᠪᠢᠴᠢᠭ︶ ᠲᠤ ᠦᠷᠭᠡᠨ ᠬᠠᠷᠠᠭᠠᠰᠤ᠂ ᠣᠯᠠᠨ ᠳᠡᠰ ᠳᠠᠪᠬᠤᠷᠭ᠎ᠠ᠂ ᠪᠥᠬᠦ | ᠲᠠᠯ᠎ᠠ ᠪᠠᠷ ᠭᠦᠨᠵᠡᠭᠡᠢ ᠶᠠᠷᠢᠯᠴᠠᠯᠭ᠎ᠠ ᠥᠷᠨᠢᠭᠦᠯᠵᠤ᠂《 ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠦᠴᠦᠸᠠᠨ | ᠰᠢᠶᠠᠨ ᠤ ᠬᠥᠭᠵᠢᠯᠲᠡ ᠶᠢᠨ ᠲᠡᠤᠬᠡ》︵ᠬᠢᠨᠠᠨ ᠲᠣᠭᠲᠠᠭᠠᠬᠤ ᠡᠬᠡ ᠪᠢᠴᠢᠭ︶ ᠤᠨ ᠪᠠᠶᠢᠷᠢ ᠲᠣᠭᠲᠠᠭᠠᠯᠲᠠ᠂ | ᠠᠭᠤᠯᠭ᠎ᠠ᠂ ᠪᠥᠳᠦᠭᠦᠪᠴᠢ ᠪᠠᠶᠢᠳᠠᠯ᠂ ᠢᠯᠡᠳᠬᠡᠮᠵᠢ ᠵᠡᠷᠭᠡ ᠲᠠᠯ᠎ᠠ ᠳᠤ ᠰᠠᠨᠠᠯ ᠰᠠᠨᠠᠭᠤᠯᠭ᠎ᠠ ᠳᠤᠷᠠᠳᠪᠠ᠃ | ᠣᠶᠢᠯᠭᠠᠭᠰᠠᠨ ᠢᠶᠠᠷ᠂《 ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠦᠴᠦᠸᠠᠨ ᠰᠢᠶᠠᠨ ᠤ | ᠬᠥᠭᠵᠢᠯᠲᠡ ᠶᠢᠨ ᠲᠡᠤᠬᠡ》 ᠨᠢ ᠦᠴᠦᠸᠠᠨ ᠰᠢᠶᠠᠨ ᠤ ᠬᠤᠪᠢᠰᠬᠠᠯ ᠤᠨ ᠬᠠᠭᠤᠴᠢᠨ ᠰᠠᠭᠤᠷᠢᠨ ᠤ ᠠᠷᠠᠳ ᠲᠥᠮᠡᠨ | ᠨᠠᠮ ᠤᠨ ᠤᠳᠤᠷᠢᠳᠤᠯᠭ᠎ᠠ ᠳᠣᠣᠷ᠎ᠠ᠂ ᠬᠤᠪᠢᠰᠬᠠᠯ ᠤᠨ ᠰᠠᠭᠤᠷᠢᠨ ᠭᠠᠵᠠᠷ ᠪᠠᠶᠢᠭᠤᠯᠣᠭᠰᠠᠨ ᠪᠠ ᠬᠥᠭᠵᠢᠭᠦᠯᠦᠭᠰᠡᠨ | ᠴᠢᠬᠤᠯᠠ ᠶᠡᠭᠡ ᠲᠡᠣᠬᠡᠨ ᠬᠡᠷᠡᠭ ᠶᠠᠪᠤᠳᠠᠯ᠂ ᠦᠷᠡᠭᠳᠡᠭᠰᠡᠨ ᠪᠠᠭᠠᠲᠤᠷᠴᠤᠳ ᠤᠨ ᠥᠩᠭᠡ ᠭᠡᠷᠡᠯᠲᠤ ᠦᠢᠯᠡ | ᠠᠵᠢᠯᠯᠠᠭ᠎ᠠ ᠵᠢᠴᠢ ᠲᠡᠳᠡᠨ ᠤ ᠢᠯᠡᠷᠡᠭᠦᠯᠦᠭᠰᠡᠨ ᠡᠷᠬᠢᠮ ᠳᠡᠭᠡᠳᠤ ᠬᠤᠪᠢᠰᠬᠠᠯ ᠤᠨ ᠵᠣᠷᠢᠭ ᠰᠠᠨᠠᠭ᠎ᠠ ᠪᠠ ᠦᠩᠭᠡ | ᠭᠡᠷᠡᠯᠲᠤ ᠤᠳᠤᠮᠰᠢᠯ ᠢ ᠣᠬᠤᠷ ᠠᠪᠰᠠᠷᠬᠠᠨ ᠣᠶᠢᠯᠠᠭᠠᠮᠵᠢᠲᠠᠢ ᠲᠠᠨᠢᠯᠴᠠᠭᠤᠯᠤᠭᠰᠠᠨ ᠪᠠᠶᠢᠨ᠎ᠠ᠃ ᠣᠨᠴᠠᠭᠠᠶᠢᠯᠠᠨ | ᠨᠠᠮ ᠤᠨ ᠠᠷᠪᠠᠨ ᠨᠠᠢᠮᠠ᠂ ᠠᠷᠪᠠᠨ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ ᠤᠨ ᠠᠷᠠᠳ ᠲᠥᠮᠡᠨ ᠶᠡᠷᠦᠩᠬᠡᠢ ᠱᠦᠵᠢ ᠰᠢ ᠶᠢᠨ ᠫᠢᠩ ᠢᠶᠠᠷ ᠲᠥᠪ ᠪᠣᠯᠭᠠᠭᠰᠠᠨ ᠨᠠᠮ ᠤᠨ ᠲᠥᠪ | ᠬᠤᠷᠢᠶᠠᠨ ᠤ ᠤᠳᠤᠷᠢᠳᠤᠯᠭ᠎ᠠ ᠳᠣᠣᠷ᠎ᠠ᠂ ᠥᠪᠡᠷ ᠢᠶᠠᠨ ᠬᠦᠴᠦᠷᠬᠡᠭᠵᠢᠬᠦ᠂ ᠰᠢᠷᠭᠠᠭᠤ ᠬᠠᠲᠠᠭᠤᠵᠢᠯᠲᠠᠢ ᠴᠢᠷᠮᠠᠶᠢᠬᠤ | ᠦᠩᠭᠡ ᠭᠡᠷᠡᠯᠲᠦ ᠣᠳᠤᠮᠰᠢᠯ ᠢ ᠪᠠᠳᠠᠷᠠᠭᠤᠯᠤᠭᠰᠠᠨ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ᠂ ᠶᠠᠳᠠᠭᠤ ᠬᠦᠴᠢᠷᠳᠡᠯᠲᠠᠢ ᠬᠤᠴᠤᠷᠣᠩᠭᠤᠢ ᠪᠠᠶᠢᠳᠠᠯ ᠢ ᠬᠤᠪᠢᠷᠠᠭᠤᠯᠬᠤ ᠵᠡᠷᠭᠡ ᠲᠠᠯ᠎ᠠ ᠳᠤ | ᠭᠠᠷᠤᠭᠰᠠᠨ ᠬᠤᠪᠢᠷᠠᠯᠲᠠ ᠵᠢᠴᠢ ᠲᠡᠷᠢᠭᠦᠨ ᠤ ᠦᠢᠯᠡ ᠠᠵᠢᠯᠯᠠᠭ᠎ᠠ ᠶᠢ ᠲᠠᠨᠢᠯᠴᠠᠭᠤᠯᠤᠭᠰᠠᠨ ᠪᠠᠶᠢᠨ᠎ᠠ᠃ |