ᠵᠠᠩ ᠯᠢᠨ ᠯᠢᠨ ᠬᠤᠷᠢᠨᠭᠡᠷ ᠰᠢᠶᠠᠨ ᠤ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠤᠶᠠᠳᠣᠭᠠᠷ ᠤᠳᠠᠭᠠᠨ ᠤ ᠵᠣᠬᠢᠴᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-10-23
           10 ᠳ᠋ᠤᠭᠠᠷ ᠰᠠᠷ᠎ᠠ ᠶᠢᠨ20 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠰᠢᠶᠠᠨ ᠤ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠣᠳᠣᠷᠢᠳᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠵᠠᠩ ᠯᠢᠨ ᠯᠢᠨ ᠬᠤᠷᠢᠨᠭᠡᠷ ᠰᠢᠶᠠᠨ ᠤ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠤᠶᠠᠳᠣᠭᠠᠷ ᠤᠳᠠᠭᠠᠨ ᠤ ᠵᠣᠬᠢᠴᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠤᠬᠠᠭᠤᠯᠬᠤ ᠬᠡᠯᠲᠡᠰ᠂ ᠪᠠᠶᠢᠭᠤᠯᠣᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠲᠠᠰᠤᠭ᠂ ᠲᠤᠭ᠎ᠠ ᠪᠦᠷᠢᠳᠬᠡᠯ᠂ ᠬᠤᠲᠠ ᠶᠢᠨ ᠬᠢᠨᠠᠯᠲᠠ ᠬᠠᠮᠢᠶᠠᠷᠣᠯᠲᠠ᠂ ᠵᠠᠮ ᠲᠡᠭᠡᠭᠡᠪᠦᠷᠢ ᠶᠢᠨ ᠬᠠᠮᠢᠶᠠᠷᠣᠯᠲᠠ᠂ ᠵᠠᠮ ᠬᠠᠷᠢᠯᠴᠠᠭᠠᠨ ᠤ ᠬᠠᠮᠢᠶᠠᠷᠣᠯᠲᠠ ᠶᠢᠨ ᠶᠡᠭᠡ ᠠᠩᠭᠢ᠂ ᠭᠠᠶᠢᠯᠢ ᠶᠢᠨ ᠶᠠᠪᠣᠳᠠᠯ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠣᠯᠣᠨ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠤᠣᠯ ᠣᠳᠣᠷᠢᠳᠣᠯᠭ᠎ᠠ ᠵᠢᠴᠢ ᠬᠤᠪᠢᠳᠠᠨ ᠬᠠᠮᠢᠶᠠᠷᠴᠣ ᠪᠦᠬᠦᠢ ᠣᠳᠣᠷᠢᠳᠣᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ10 ᠳ᠋ᠤᠭᠠᠷ ᠰᠠᠷ᠎ᠠ ᠶᠢᠨ19 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠬᠤᠷᠠᠯᠳᠣᠭᠤᠯᠣᠭᠰᠠᠨ ᠳᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠳᠠᠮᠵᠢᠭᠤᠯᠵᠣ᠂ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠰᠢᠭᠤᠯᠣᠯᠲᠠ ᠬᠢᠪᠡ᠃      ᠵᠠᠩ ᠯᠢᠨ ᠯᠢᠨ ᠱᠠᠭᠠᠷᠳᠠᠭᠰᠠᠨ ᠨᠢ᠂ ᠨᠢᠭᠡ ᠳᠤ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠣᠳᠣᠷᠢᠳᠣᠯᠭ᠎ᠠ ᠨᠠᠷ ᠡᠨᠡᠬᠦ ᠣᠳᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠲᠠ ᠪᠠᠨ ᠡᠷᠬᠡᠪᠰᠢ ᠳᠡᠭᠡᠭᠰᠢᠯᠡᠭᠦᠯᠬᠦ ᠬᠡᠷᠡᠭᠲᠡᠢ︔ ᠬᠤᠶᠠᠷ  ᠲᠤ ᠤᠬᠠᠭᠤᠯᠭ᠎ᠠ ᠡᠷᠬᠡᠪᠰᠢ ᠳᠠᠭᠠᠵᠣ ᠠᠮᠵᠢᠭᠰᠠᠨ ᠪᠠᠶᠢᠵᠣ᠂ ᠥᠷᠭᠡᠨ ᠤᠯᠠᠨ ᠲᠦᠮᠡᠨ᠂ ᠬᠤᠪᠢ ᠶᠢᠨ ᠡᠵᠡᠩᠨᠡᠯᠲᠡ ᠶᠢᠨ ᠡᠷᠦᠬᠡ᠂ ᠬᠠᠣᠯᠢ ᠶᠢᠨ ᠡᠷᠬᠡᠲᠡᠨ ᠤ ᠨᠢᠭᠡᠴᠡ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠦᠴᠢᠷ  ᠲᠤ ᠪᠦᠷ ᠳᠦᠷᠪᠡᠳᠦᠭᠡᠷ ᠣᠳᠠᠭᠠᠨ ᠤ ᠠᠵᠣ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠬᠠᠭᠤᠯᠬᠤ ᠬᠡᠷᠡᠭᠲᠡᠢ︔ ᠭᠤᠷᠪᠠ ᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠬᠠᠷᠢᠯᠴᠠᠨ ᠬᠠᠮᠵᠢᠯᠴᠠᠵᠤ᠂ ᠬᠠᠮᠲᠣᠪᠠᠷ ᠬᠦᠴᠦᠯᠡᠵᠦ᠂ ᠪᠠᠶᠢᠭᠤᠯᠭ᠎ᠠ ᠨᠢᠭᠡᠴᠡ ᠶᠢᠨ ᠪᠠᠶᠢᠴᠠᠭᠠᠯᠲᠠ ᠶᠢᠨ ᠠᠵᠢᠯ ᠤᠨ ᠡᠮᠬᠢ ᠲᠢᠭᠯᠢᠮ ᠲᠠᠢ ᠶᠠᠪᠣᠭᠳᠠᠬᠤ ᠶᠢ ᠪᠠᠲᠣᠯᠠᠬᠤ ᠬᠡᠷᠡᠭᠲᠡᠢ︔ ᠳᠥᠷᠪᠡ ᠳᠤ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠣᠶᠢᠷ᠎ᠠ ᠳᠤ ᠨᠢᠭᠡᠨ ᠣᠳᠠᠭᠠᠨ ᠤ ᠪᠦᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠵᠦ᠂ ᠪᠠᠶᠢᠴᠠᠭᠠᠬᠤ ᠪᠦᠬᠦᠨ ᠢ ᠪᠠᠶᠢᠴᠠᠭᠠᠭᠰᠠᠨ ᠪᠠᠶᠢᠬᠤ ᠶᠢ ᠪᠠᠲᠣᠯᠠᠬᠤ ᠬᠡᠷᠡᠭᠲᠡᠢ︔ ᠲᠠᠪᠤ ᠳᠤ ᠰᠢᠮᠳᠠᠭᠤᠯᠣᠨ ᠪᠠᠶᠢᠴᠠᠭᠠᠯᠲᠠ ᠶᠢ ᠠᠮᠵᠢᠭᠤᠯᠵᠣ᠂ ᠡᠯ᠎ᠡ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠣᠲᠣᠷ᠎ᠠ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号