ᠥᠪᠡᠷᠲᠡᠭᠡᠨ ᠵᠠᠰᠠᠬᠤ ᠣᠷᠣᠨ ᠤ ᠳᠣᠮᠳᠠ ᠵᠢᠵᠢᠭ ᠠᠵᠣ ᠠᠬᠤᠶᠢᠯᠠᠯ ᠤᠨ ᠲᠣᠪᠴᠢᠶ᠎ᠠ ᠶᠢᠨ ᠲᠦᠮᠡᠨ ᠡᠷᠦᠬᠡ ᠳᠣᠮᠳᠠ ᠵᠢᠵᠢᠭ ᠠᠵᠣ ᠠᠬᠤᠶᠢᠯᠠᠯ ᠤᠨ ᠲᠦᠷᠥ ᠶᠢᠨ ᠪᠣᠳᠣᠯᠭ᠎ᠠ ᠶᠢᠨ ᠶᠡᠭᠡ ᠲᠠᠶᠢᠯᠣᠮᠵᠢ ᠶᠢᠨ ᠬᠢᠴᠢᠶᠡᠯ ᠤᠨ128 ᠳ᠋ᠤᠭᠠᠷ ᠬᠤᠭᠤᠴᠠᠭ᠎ᠠ ᠬᠤᠷᠢᠨᠭᠡᠷ ᠰᠢᠶᠠᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2018-10-24
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ᠂ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠬᠦᠭᠵᠢᠯᠲᠡ ᠶᠢ ᠲᠦᠷᠭᠡᠳᠬᠡᠵᠦ᠂ ᠳᠣᠮᠳᠠ ᠵᠢᠵᠢᠭ ᠠᠵᠣ ᠠᠬᠤᠶᠢᠯᠠᠯ ᠤᠨ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠶᠢᠨ ᠲᠣᠰᠠᠳᠠ᠂ ︽ᠳᠣᠮᠳᠠ ᠵᠢᠵᠢᠭ ᠠᠵᠣ ᠠᠬᠤᠶᠢᠯᠠᠯ ᠢ ᠠᠬᠢᠭᠤᠯᠬᠤ ᠬᠠᠣᠯᠢ︾ ᠪᠣᠯᠣᠨ ᠣᠯᠣᠰ᠂ ᠥᠪᠡᠷᠲᠡᠭᠡᠨ ᠵᠠᠰᠠᠬᠤ ᠣᠷᠣᠨ ᠤ ᠨᠢᠭᠡᠨ ᠰᠢᠷᠢᠰ ᠳᠣᠮᠳᠠ ᠵᠢᠵᠢᠭ ᠠᠵᠣ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠬᠦᠭᠵᠢᠯᠲᠡ ᠶᠢ ᠳᠡᠮᠵᠢᠭᠰᠡᠨ ᠲᠦᠷᠥ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠲᠠ ᠶᠢ ᠲᠦᠯᠬᠢᠨ ᠠᠬᠢᠭᠤᠯᠵᠣ᠂ ᠪᠦᠬᠦ ᠣᠷᠣᠨ ᠤ ᠳᠣᠮᠳᠠ ᠵᠢᠵᠢᠭ ᠠᠵᠣ ᠠᠬᠤᠶᠢᠯᠠᠯ ᠤᠨ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠴᠢᠳᠠᠪᠣᠷᠢ᠂ ᠠᠳᠠᠯ ᠦᠢᠯᠡᠰ ᠪᠣᠰᠬᠠᠵᠣ ᠰᠢᠨ᠎ᠡ ᠶᠢ ᠡᠭᠦᠳᠬᠦ ᠴᠢᠳᠠᠪᠣᠷᠢ ᠪᠣᠯᠣᠨ ᠡᠵᠡᠩᠨᠡᠨ ᠬᠠᠮᠢᠶᠠᠷᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠵᠣ ᠠᠬᠤᠶᠢᠯᠠᠯ ᠢ ᠬᠠᠮᠵᠢᠵᠣ ᠬᠠᠣᠯᠢ ᠶᠢᠨ ᠳᠠᠯᠳᠠ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠣ᠂ ᠳᠣᠮᠳᠠ ᠵᠢᠵᠢᠭ ᠠᠵᠣ ᠠᠬᠤᠶᠢᠯᠠᠯ ᠤᠨ ᠬᠦᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠳᠣᠮᠳᠠ ᠵᠢᠵᠢᠭ ᠠᠵᠣ ᠠᠬᠤᠶᠢᠯᠠᠯ ᠤᠨ ᠦᠨᠳᠦᠷ ᠴᠢᠨᠰᠠᠭᠠᠲᠣ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃10 ᠳ᠋ᠤᠭᠠᠷ ᠰᠠᠷ᠎ᠠ ᠶᠢᠨ23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠮᠳᠠ ᠵᠢᠵᠢᠭ ᠠᠵᠣ ᠠᠬᠤᠶᠢᠯᠠᠯ ᠤᠨ ᠲᠣᠪᠴᠢᠶ᠎ᠠ ᠶᠢᠨ ᠲᠦᠮᠡᠨ ᠡᠷᠦᠬᠡ ᠳᠣᠮᠳᠠ ᠵᠢᠵᠢᠭ ᠠᠵᠣ ᠠᠬᠤᠶᠢᠯᠠᠯ ᠤᠨ ᠲᠦᠷᠥ ᠶᠢᠨ ᠪᠣᠳᠣᠯᠭ᠎ᠠ ᠶᠢᠨ ᠶᠡᠭᠡ ᠲᠠᠶᠢᠯᠣᠮᠵᠢ ᠶᠢᠨ ᠬᠢᠴᠢᠶᠡᠯ ᠤᠨ128 ᠳ᠋ᠤᠭᠠᠷ ᠬᠤᠭᠤᠴᠠᠭ᠎ᠠ ᠶᠢᠨ ᠬᠤᠷᠢᠨᠭᠡᠷ ᠳᠠᠬᠢ ᠲᠣᠰᠬᠠᠢ ᠬᠢᠴᠢᠶᠡᠯ ᠤᠨ ᠲᠢᠩᠬᠢᠮ ᠤᠨ ᠬᠠᠣᠯᠢ ᠴᠠᠭᠠᠵᠠ ᠶᠢᠨ ᠪᠣᠯᠪᠠᠰᠣᠷᠠᠭᠤᠯᠣᠯ ᠤᠨ ᠬᠤᠷᠠᠯ ᠰᠢᠶᠠᠨ ᠤ ᠵᠢᠦᠢ ᠬᠤᠸᠠ ᠪᠠᠭᠤᠳᠠᠯ ᠳᠤ ᠬᠤᠷᠠᠯᠳᠣᠪᠠ᠃      ᠲᠣᠰ ᠣᠳᠠᠭᠠᠨ ᠤ ᠪᠣᠯᠪᠠᠰᠣᠷᠠᠭᠤᠯᠣᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠮᠳᠠ ᠵᠢᠵᠢᠭ ᠠᠵᠣ ᠠᠬᠤᠶᠢᠯᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠦᠬᠡᠬᠤᠲᠠ ᠶᠢᠨ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠬᠦᠬᠡᠬᠤᠲᠠ ᠶᠢᠨ ᠳᠣᠮᠳᠠ ᠵᠢᠵᠢᠭ ᠠᠵᠣ ᠠᠬᠤᠶᠢᠯᠠᠯ ᠤᠨ ᠨᠡᠶᠢᠲᠡ ᠶᠢᠨ ᠦᠢᠯᠡᠴᠢᠯᠡᠭᠡᠨ ᠤ ᠲᠥᠪ᠂ ᠬᠤᠷᠢᠨᠭᠡᠷ ᠰᠢᠶᠠᠨ ᠤ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠵᠦᠩ ᠢ ᠬᠠᠣᠯᠢ ᠴᠠᠭᠠᠵᠠ ᠶᠢᠨ ᠵᠥᠪᠯᠡᠯᠭᠡᠨ ᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠰᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠢᠳᠡᠭᠡᠨ ᠡᠮ ᠤᠨ ᠵᠦᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠣᠯᠭᠦᠢ ᠶᠢᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠬᠠᠮᠲᠣᠪᠠᠷ ᠡᠷᠬᠢᠯᠡᠵᠦ᠂ ᠬᠤᠷᠢᠨᠭᠡᠷ ᠰᠢᠶᠠᠨ ᠤ ᠡᠯ᠎ᠡ ᠳᠣᠮᠳᠠ ᠵᠢᠵᠢᠭ ᠠᠵᠣ ᠠᠬᠤᠶᠢᠯᠠᠯ ᠤᠨ200 ᠭᠠᠷᠣᠢ ᠬᠠᠣᠯᠢ ᠶᠢᠨ ᠡᠷᠬᠡᠲᠡᠨ ᠪᠣᠯᠪᠠᠰᠣᠷᠠᠭᠤᠯᠣᠯ ᠳᠤ ᠣᠷᠣᠯᠴᠠᠭᠰᠠᠨ ᠪᠠᠶᠢᠨ᠎ᠠ᠃      ᠲᠣᠰ ᠣᠳᠠᠭᠠᠨ ᠤ ᠪᠣᠯᠪᠠᠰᠣᠷᠠᠭᠤᠯᠣᠯ ᠳᠤ ᠳᠣᠮᠳᠠᠳᠣ ᠣᠯᠣᠰ ᠤᠨ ᠣᠯᠣᠰ ᠲᠦᠷᠥ ᠬᠠᠣᠯᠢ ᠴᠠᠭᠠᠵᠠ ᠶᠢᠨ ᠶᠡᠭᠡ ᠰᠣᠷᠭᠠᠭᠤᠯᠢ ᠶᠢᠨ ᠬᠠᠣᠯᠢ ᠶᠢᠨ ᠤᠬᠠᠭᠠᠨ ᠤ ᠳ᠋ᠣᠺᠲ᠋ᠣᠷ᠂ ᠵᠦᠩ ᠢ ᠬᠠᠣᠯᠢ ᠶᠢᠨ ᠵᠥᠪᠯᠡᠯᠭᠡᠨ ᠤ ᠬᠡᠷᠡᠭ ᠮᠡᠳᠡᠭᠴᠢᠳ ᠤᠨ ᠳᠠᠷᠤᠭ᠎ᠠ ᠯᠢᠦ ᠳ᠋ᠦᠩ ᠭᠠᠩ ᠢ ᠣᠨᠴᠠ ᠣᠷᠢᠪᠠ᠃ ᠲᠡᠷᠡ ᠠᠵᠣ ᠠᠬᠤᠶᠢᠯᠠᠯ ᠤᠨ ᠡᠵᠡᠩᠨᠡᠯᠲᠡ ᠳᠣᠮᠳᠠᠬᠢ ᠭᠡᠷ᠎ᠡ ᠶᠢᠨ ᠬᠠᠣᠯᠢ ᠶᠢᠨ ᠦᠨᠳᠦᠰᠦᠨ ᠠᠰᠠᠭᠤᠳᠠᠯ ᠪᠣᠯᠣᠨ ᠠᠵᠢᠯᠴᠢᠨ ᠡᠯᠰᠡᠬᠦ ᠦᠨᠳᠦᠰᠦᠨ ᠠᠰᠠᠭᠤᠳᠠᠯ ᠵᠡᠷᠭᠡ ᠲᠠᠯ᠎ᠠ ᠪᠠᠷ ᠬᠤᠷᠠᠯ ᠳᠤ ᠣᠷᠣᠯᠴᠠᠭᠰᠠᠨ ᠬᠦᠮᠦᠰ ᠲᠤ ᠨᠠᠷᠢᠯᠢᠭ ᠲᠠᠶᠢᠯᠪᠦᠷᠢᠯᠠᠯᠲᠠ ᠬᠢᠭᠰᠡᠨ ᠤ ᠬᠠᠮᠲᠣ ᠬᠠᠣᠯᠢ ᠴᠠᠭᠠᠵᠠ ᠶᠢᠨ ᠠᠷᠭᠠᠴᠠᠭᠠᠬᠤ ᠠᠷᠭ᠎ᠠ ᠪᠣᠳᠣᠯᠭ᠎ᠠ ᠬᠠᠩᠭᠠᠵᠣ᠂ ᠬᠠᠣᠯᠢ ᠶᠢᠨ ᠤᠬᠠᠭᠠᠨ ᠤ ᠣᠨᠣᠯ ᠬᠢᠭᠡᠳ ᠬᠡᠷᠡᠭ ᠤᠨ ᠵᠢᠱᠢᠶ᠎ᠡ ᠶᠢ ᠳᠡᠭᠡᠳᠦ ᠬᠡᠮᠵᠢᠶ᠎ᠡ ᠪᠠᠷ ᠠᠭᠤᠰᠣᠯᠴᠠᠭᠤᠯᠵᠣ᠂ ᠠᠵᠣ ᠠᠬᠤᠶᠢᠯᠠᠯᠲᠠᠨ ᠢ ᠬᠠᠪᠰᠣᠷᠴᠣ ᠭᠡᠷ᠎ᠡ ᠶᠢᠨ ᠬᠠᠮᠢᠶᠠᠷᠣᠯᠲᠠ ᠪᠣᠯᠣᠨ ᠠᠵᠢᠯᠴᠢᠨ ᠡᠯᠰᠡᠬᠦ ᠳᠣᠮᠳᠠᠬᠢ ᠳᠠᠯᠳᠠ ᠲᠦᠭᠰᠢᠭᠦᠷᠢ ᠠᠴᠠ ᠵᠠᠶᠢᠯᠠᠰᠬᠢᠵᠣ᠂ ᠠᠵᠣ ᠠᠬᠤᠶᠢᠯᠠᠯᠲᠠᠨ ᠳᠤ ᠴᠣ ᠰᠢᠨ᠎ᠡ ᠬᠠᠣᠯᠢ ᠴᠠᠭᠠᠵᠠ ᠶᠢᠨ ᠬᠠᠮᠢᠶᠠᠷᠣᠯᠲᠠ ᠶᠢᠨ ᠣᠨᠣᠯᠵᠢᠬᠤᠨ ᠢ ᠠᠪᠴᠢᠷᠠᠨ ᠥᠭᠴᠦ᠂ ᠠᠵᠣ ᠠᠬᠤᠶᠢᠯᠠᠯ ᠤᠨ ᠬᠦᠭᠵᠢᠯᠲᠡ ᠨᠡᠩ ᠬᠠᠣᠯᠢᠵᠢᠯ ᠨᠡᠩ ᠳᠦᠷᠢᠮᠵᠢᠭᠦᠨ ᠵᠠᠮ ᠢᠶᠠᠷ ᠬᠦᠭᠵᠢᠬᠦ ᠳᠤ ᠣᠨᠣᠯ ᠤᠨ ᠲᠦᠰᠢᠭ ᠲᠣᠯᠭᠠᠭᠤᠷᠢ ᠬᠠᠩᠭᠠᠭᠰᠠᠨ ᠪᠠᠶᠢᠨ᠎ᠠ᠃      ᠡᠨᠡᠬᠦ ᠣᠳᠠᠭᠠᠨ ᠤ ᠪᠣᠯᠪᠠᠰᠣᠷᠠᠭᠤᠯᠣᠯ ᠶᠠᠪᠣᠭᠳᠠᠭᠰᠠᠨ ᠨᠢ ᠰᠢᠶᠠᠨ ᠤ ᠵᠠᠰᠠᠭ ᠤᠨ ᠣᠷᠳᠣᠨ ᠤ ᠶᠡᠷᠦᠩᠬᠡᠢ ᠦᠢᠯᠡᠴᠢᠯᠡᠭᠡᠨ ᠤ ᠴᠢᠳᠠᠪᠣᠷᠢ ᠶᠢ ᠴᠢᠩᠭᠠᠳᠬᠠᠬᠤ ᠳᠤ ᠪᠠᠶᠢᠵᠣ᠂ ᠠᠵᠣ ᠠᠬᠤᠶᠢᠯᠠᠯ ᠤᠨ ᠡᠵᠡᠩᠨᠡᠨ ᠬᠠᠮᠢᠶᠠᠷᠬᠤ ᠬᠦᠭᠵᠢᠯᠲᠡ ᠶᠢᠨ ᠴᠢᠳᠠᠪᠣᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠰᠢᠶᠠᠨ ᠤ ᠳᠣᠮᠳᠠ ᠵᠢᠵᠢᠭ ᠠᠵᠣ ᠠᠬᠤᠶᠢᠯᠠᠯ ᠤᠨ ᠦᠷᠢᠰᠦᠯᠳᠦᠬᠦ ᠬᠦᠴᠦᠨ ᠳᠤ ᠬᠦᠴᠦ ᠨᠡᠮᠡᠷᠢᠯᠡᠵᠦ᠂ ᠪᠦᠬᠦ ᠰᠢᠶᠠᠨ ᠤ ᠳᠣᠮᠳᠠ ᠵᠢᠵᠢᠭ ᠠᠵᠣ ᠠᠬᠤᠶᠢᠯᠠᠯ ᠤᠨ ᠡᠵᠡᠩᠨᠡᠯᠲᠡ ᠬᠠᠮᠢᠶᠠᠷᠣᠯᠲᠠ ᠶᠢᠨ ᠳᠦᠷᠢᠮᠵᠢᠯ ᠤᠨ ᠬᠢᠷᠢ ᠲᠦᠪᠰᠢᠨ᠂ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠵᠦ᠂ ᠠᠵᠣ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠰᠡᠷᠭᠡᠶᠢᠯᠡᠨ᠂ ᠠᠵᠣ ᠠᠬᠤᠶᠢᠯᠠᠯᠲᠠᠨ ᠤ ᠵᠣᠷᠢᠭ ᠰᠠᠨᠠᠭ᠎ᠠ ᠪᠣᠯᠣᠨ ᠤᠷᠠᠨ ᠳᠠᠷᠬᠠᠴᠤᠳ ᠤᠨ ᠵᠣᠷᠢᠭ ᠰᠠᠨᠠᠭ᠎ᠠ ᠶᠢ ᠬᠦᠮᠦᠵᠢᠭᠦᠯᠬᠦ ᠳᠤ ᠪᠦᠷ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号