ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 48 ᠳ᠋ᠤᠭᠠᠷ ᠲᠣᠭᠠᠲᠤ | 2018 ᠣᠨ ᠤ 7 ᠳ᠋ᠤᠭᠠᠷ ᠰᠠᠷ᠎ᠠ ᠶᠢᠨ 20 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ᠂ ᠬᠤᠲᠠ ᠶᠢᠨ ᠬᠠᠮᠢᠶ᠎ᠠ ᠪᠥᠬᠦᠢ | ᠰᠠᠯᠠᠭ᠎ᠠ ᠮᠦᠴᠢᠷ᠄ | | 《ᠬᠦᠬᠡᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ | ᠲᠣᠭᠲᠠᠭᠠᠵᠤ ᠳᠠᠩᠰᠠᠯᠠᠬᠤ ᠬᠡᠷᠡᠭᠵᠢᠭᠦᠯᠬᠦ ᠲᠥᠰᠦᠯ》 ᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠢᠶᠠᠷ | ᠵᠥᠪᠰᠢᠶᠡᠷᠡᠭᠦᠯᠵᠤ᠂ ᠡᠳᠦᠭᠡ ᠲᠠ ᠨᠠᠷ ᠲᠤ ᠳᠠᠷᠣᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ | ᠬᠡᠷᠡᠭᠵᠢᠭᠦᠯᠲᠦᠭᠡᠢ᠃ | ᠬᠦᠬᠡᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ | ᠲᠣᠭᠲᠠᠭᠠᠵᠤ ᠳᠠᠩᠰᠠᠯᠠᠬᠤ ᠬᠡᠷᠡᠭᠵᠢᠭᠦᠯᠬᠦ ᠲᠥᠰᠦᠯ | 《ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ ᠲᠤᠬᠠᠢ | ᠳᠤᠮᠳᠠᠳᠤ ᠤᠯᠤᠰ ᠤᠨ ᠨᠠᠮ ᠤᠨ ᠲᠥᠪ ᠬᠤᠷᠢᠶ᠎ᠠ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ》 ︵ᠲᠥᠪ | ᠬᠤᠷᠢᠶ᠎ᠠ ᠲᠠᠷᠬᠠᠭᠠᠭᠰᠠᠨ〔2018〕1 ᠳ᠋ᠦ᠋ᠭᠡᠷ ᠲᠣᠭᠠᠲᠤ︶᠂《 ᠣᠷᠤᠨ ᠰᠠᠭᠤᠴᠠ ᠶᠢᠨ ᠭᠠᠵᠠᠷ ᠪᠠ | ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ | ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠤᠯᠠᠮ ᠨᠢᠭᠡ ᠠᠯᠬᠤᠮ | ᠲᠥᠷᠭᠡᠪᠴᠢᠯᠡᠨ ᠠᠬᠢᠭᠤᠯᠬᠤ ᠲᠤᠬᠠᠢ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ》 | ︵ᠤᠯᠤᠰ ᠭᠠᠵᠠᠷ ᠡᠬᠢ ᠳᠠᠷᠣᠮᠠᠯᠯᠠᠨ ᠲᠠᠷᠬᠠᠭᠠᠭᠰᠠᠨ〔2016〕191 ᠳ᠋ᠦ᠋ᠭᠡᠷ ᠲᠣᠭᠠᠲᠤ︶ ᠶᠢ ᠦᠨᠳᠦᠰᠦᠯᠡᠨ᠂ | ᠮᠠᠨ ᠤ ᠬᠤᠲᠠ ᠶᠢᠨ ᠬᠦᠳᠡᠭᠡ ᠲᠤᠰᠬᠤᠨ ᠤ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠤᠲᠠᠯᠠᠨ | ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠯᠠᠪᠳᠠᠭᠤᠨ ᠠᠬᠢᠭᠤᠯᠵᠤ᠂ ᠣᠯᠠᠨ ᠲᠦᠮᠡᠨ ᠤ ᠬᠠᠤᠯᠢ | ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠦᠭᠡ ᠲᠤᠰ ᠬᠡᠷᠡᠭᠵᠢᠭᠦᠯᠬᠦ ᠲᠥᠰᠦᠯ ᠢ ᠲᠤᠭᠲᠠᠭᠠᠪᠠ᠃ | ᠨᠢᠭᠡ᠂ ᠴᠢᠬᠤᠯᠠ ᠠᠴᠢ ᠬᠤᠯᠪᠤᠭᠳᠠᠯ | ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠪᠥᠬᠦᠢ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ | ᠳᠠᠩᠰᠠᠯᠠᠬᠤ ᠠᠵᠢᠯ ᠢ ᠲᠥᠷᠭᠡᠪᠴᠢᠯᠡᠨ ᠠᠬᠢᠭᠤᠯᠬᠤ ᠪᠣᠯ ᠤᠯᠤᠰ ᠤᠨ《 ᠬᠦᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ》 ᠪᠠᠶᠢᠯᠳᠤᠬᠤ ᠪᠣᠳᠤᠯᠭ᠎ᠠ ᠶᠢ ᠨᠠᠶᠢᠳᠠᠪᠤᠷᠢᠵᠢᠭᠤᠯᠬᠤ᠂ ᠬᠦᠳᠡᠭᠡ ᠲᠤᠰᠬᠤᠨ ᠤ ᠣᠷᠤᠨ | ᠰᠠᠭᠤᠴᠠ ᠶᠢᠨ ᠭᠠᠵᠠᠷ ᠤᠨ《 ᠭᠤᠷᠪᠠᠨ ᠡᠷᠬᠡ ᠶᠢ ᠰᠠᠯᠭᠠᠬᠤ》 ᠶᠢ ᠰᠦᠪᠡᠭᠴᠢᠯᠡᠬᠦ ᠦᠮᠴᠢᠯᠡᠯ ᠤᠨ ᠡᠷᠬᠡ ᠶᠢᠨ | ᠰᠠᠭᠤᠷᠢ ᠮᠦᠨ᠂ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠲᠠ ᠶᠢᠨ ᠰᠠᠭᠤᠷᠢ | ᠠᠵᠢᠯ᠂ ᠮᠦᠨᠴᠦ ᠲᠠᠷᠢᠶᠠᠴᠢᠨ ᠤ ᠡᠳ᠋ ᠬᠦᠷᠦᠩᠭᠡ ᠶᠢᠨ ᠴᠢᠨᠠᠷᠲᠠᠢ ᠣᠷᠤᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ | ᠠᠪᠴᠠᠯ ᠪᠣᠯᠤᠨ᠎ᠠ᠃ ᠲᠠᠷᠢᠶᠠᠴᠢᠨ ᠤ ᠭᠡᠷ ᠪᠠᠶᠢᠰᠢᠩ ᠵᠡᠷᠭᠡ ᠭᠠᠵᠠᠷ ᠳᠡᠭᠡᠷᠡᠬᠢ ᠪᠠᠷᠢᠯᠭ᠎ᠠ ᠂ ᠪᠠᠷᠢᠮᠠᠯ ᠢ ᠬᠦᠳᠡᠭᠡ | ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢ ᠨᠤᠲᠠᠯᠠᠨ ᠲᠤᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠳᠤ ᠣᠷᠤᠭᠤᠯᠬᠤ ᠨᠢ ᠣᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ᠂ ᠥᠯᠦ ᠬᠦᠳᠡᠯᠬᠦ ᠬᠥᠷᠦᠩᠭᠡ ᠶᠢ ᠳᠠᠩᠰᠠᠯᠠᠬᠤ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠬᠤᠲᠠ ᠬᠦᠳᠡᠭᠡ ᠶᠢ ᠪᠥᠷᠬᠦᠭᠰᠡᠨ ᠭᠡᠷ ᠪᠠᠶᠢᠰᠢᠩ ᠭᠠᠵᠠᠷ | ᠰᠢᠷᠤᠢ ᠶᠢᠨ ᠨᠢᠭᠡ ᠴᠣᠭᠴᠠᠵᠢᠭᠰᠠᠨ ᠥᠯᠦ ᠬᠦᠳᠡᠯᠬᠦ ᠬᠥᠷᠦᠩᠭᠡ ᠶᠢ ᠳᠠᠩᠰᠠᠯᠠᠬᠤ ᠰᠢᠰᠲ᠋ᠧᠮ ᠤᠨ ᠪᠦᠷᠢᠯᠳᠦᠬᠦ᠂ | ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠴᠢᠳᠠᠪᠤᠷᠢ ᠪᠠ ᠬᠢᠨᠠᠨ ᠬᠠᠮᠢᠶᠠᠷᠬᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠳᠤ ᠠᠰᠢᠭᠲᠠᠢ ᠶᠤᠮ᠃ | ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠪᠣᠯ ᠡᠨᠡᠬᠦ ᠠᠵᠢᠯ ᠤᠨ ᠬᠠᠷᠢᠭᠤᠴᠠᠯᠭ᠎ᠠ ᠶᠢᠨ | ᠪᠡᠶᠡᠴᠢ ᠴᠣᠭᠴᠠ ᠪᠠᠶᠢᠵᠤ᠂ ᠬᠠᠷᠢᠶ᠎ᠠ ᠣᠷᠤᠨ ᠤ ᠪᠠᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ | ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ | ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ ᠪᠤᠳᠠᠲᠠᠢ ᠠᠵᠢᠯ ᠢ ᠡᠯ᠎ᠡ | ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ | ᠭᠦᠢᠴᠡᠳᠬᠡᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠤᠰᠬᠤᠨ ︵ | ᠰᠠᠭᠤᠭᠠᠯᠢ ᠠᠷᠠᠳ ᠤᠨ ᠵᠥᠪᠯᠡᠯ︶ ᠤ ᠵᠥᠪᠯᠡᠯ ᠪᠠ ᠪᠣᠰᠤᠳ ᠬᠤᠯᠪᠤᠭᠳᠠᠯ ᠪᠥᠬᠦᠢ ᠰᠠᠯᠠᠭ᠎ᠠ ᠮᠦᠴᠢᠷ ᠠᠴᠠ | ᠢᠳᠡᠪᠬᠢᠯᠡᠨ ᠬᠠᠮᠵᠢᠯᠴᠠᠨ᠎ᠠ᠃ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠪᠥᠬᠦ ᠬᠤᠲᠠ ᠶᠢᠨ ᠬᠦᠳᠡᠭᠡ ᠲᠤᠰᠬᠤᠨ ᠤ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠳᠠᠩᠰᠠᠯᠠᠬᠤ | ᠲᠤᠭ᠎ᠠ ᠪᠠᠷᠢᠮᠲᠠ ᠶᠢᠨ ᠬᠥᠮᠦᠷᠭᠡ ᠶᠢᠨ ᠪᠥᠲᠦᠭᠡᠨ ᠪᠠᠶᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ︔ ᠪᠥᠬᠦ ᠬᠤᠲᠠ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢᠨ ᠬᠡᠯᠪᠡᠷᠢ ᠶᠢ ᠬᠢᠨᠠᠨ ᠬᠠᠷᠭᠤᠭᠤᠯᠵᠤ᠂ | ᠪᠠᠶᠢᠴᠠᠭᠠᠨ ᠰᠢᠯᠭᠠᠬᠤ ᠶᠢ ᠬᠠᠷᠢᠭᠤᠴᠠᠵᠤ᠂ ᠲᠤᠭ᠎ᠠ ᠪᠠᠷᠢᠮᠲᠠ ᠶᠢ ᠣᠨᠤᠪᠴᠢᠲᠠᠢ ᠪᠠᠷ ᠲᠡᠷᠡ ᠳᠠᠷᠤᠢ ᠳᠤ ᠨᠢ | ᠤᠯᠤᠰ ᠤᠨ ᠳᠡᠰ ᠤᠨ ᠲᠠᠪᠴᠠᠩ ᠳᠤ ᠵᠠᠯᠭᠠᠨ ᠣᠷᠤᠭᠤᠯᠬᠤ ᠶᠢ ᠪᠠᠲᠤᠯᠠᠨ᠎ᠠ᠃ | ᠭᠤᠷᠪᠠ᠂ ᠬᠠᠷᠠᠯᠲᠠ ᠪᠠ ᠡᠭᠦᠷᠭᠡ | ︵ᠨᠢᠭᠡ︶ ᠠᠵᠢᠯ ᠤᠨ ᠬᠠᠷᠠᠯᠲᠠ | ᠰᠢᠨ᠎ᠡ ᠬᠦᠳᠡᠭᠡ ᠲᠤᠰᠬᠤᠨ ᠤ ᠦᠨᠳᠦᠰᠦᠨ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠲᠠ᠂ ᠣᠷᠤᠰᠢᠨ | ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠤᠶᠤ ᠦᠢᠯᠡᠳᠪᠦᠷᠢᠯᠡᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠦᠷᠭᠡᠳᠬᠡᠬᠦ ᠵᠡᠷᠭᠡ ᠰᠢᠯᠲᠠᠭᠠᠨ ᠠᠴᠠ ᠪᠣᠯᠵᠤ ᠣᠣᠯ ᠤᠨ ᠪᠠᠶᠢᠴᠠᠭᠠᠬᠤ ᠬᠦᠷᠢᠶ᠎ᠡ ᠬᠡᠪᠴᠢᠶ᠎ᠡ ᠵᠢᠴᠢ ᠳᠣᠲᠤᠭᠠᠳᠤ ᠶᠢᠨ | ᠭᠠᠵᠠᠷ ᠰᠢᠷᠤᠢ ᠶᠢᠨ ᠠᠰᠢᠭᠯᠠᠯᠲᠠ ᠶᠢᠨ ᠣᠳᠤᠬᠢ ᠪᠠᠶᠢᠳᠠᠯ ᠪᠣᠶᠤ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢᠨ | ᠬᠤᠪᠢᠷᠠᠯᠲᠠ ᠵᠢᠴᠢ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠳᠠᠩᠰᠠᠯᠠᠬᠤ ᠲᠤᠰᠬᠠᠢ ᠠᠵᠢᠯ | ᠳᠣᠮᠳᠠ ᠭᠡᠷ ᠪᠠᠶᠢᠰᠢᠩ ᠤᠨ ᠪᠠᠶᠢᠴᠠᠭᠠᠯᠲᠠ ᠦᠷᠨᠢᠭᠦᠯᠦᠭᠰᠡᠨ ᠦᠭᠡᠢ ᠪᠣᠶᠤ ᠭᠡᠷ ᠪᠠᠶᠢᠰᠢᠩ ᠢ ᠪᠠᠶᠢᠴᠠᠭᠠᠭᠰᠠᠨ ᠦᠷ᠎ᠡ | ᠳ᠋ᠦᠩ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠬᠤ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ | ᠳᠠᠩᠰᠠᠯᠠᠨ ᠦᠨᠡᠮᠯᠡᠯ ᠣᠯᠭᠤᠬᠤ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ᠂ ᠣᠷᠤᠨ ᠰᠠᠭᠤᠴᠠ ᠶᠢᠨ ᠭᠠᠵᠠᠷ | ᠵᠢᠴᠢ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ《 ᠭᠡᠷ ᠪᠠᠶᠢᠰᠢᠩ ᠭᠠᠵᠠᠷ ᠰᠢᠷᠤᠢ ᠶᠢ | ᠨᠢᠭᠡ ᠴᠣᠭᠴᠠᠵᠢᠭᠤᠯᠬᠤ》ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠨᠥᠬᠦᠪᠦᠷᠢ ᠪᠠᠶᠢᠴᠠᠭᠠᠯᠲᠠ ᠪᠠ ᠳᠠᠩᠰᠠᠯᠠᠨ | ᠦᠨᠡᠮᠯᠡᠯ ᠣᠯᠭᠤᠬᠤ ᠠᠵᠢᠯ ᠦᠷᠨᠢᠭᠦᠯᠵᠤ᠂ 2018 ᠣᠨ ᠤ 11 ᠰᠠᠷ᠎ᠠ ᠠᠴᠠ ᠡᠮᠦᠨ᠎ᠡ᠂ ᠪᠥᠬᠦ ᠬᠤᠲᠠ ᠶᠢᠨ | ᠦᠨᠡᠮᠯᠡᠯ ᠣᠯᠭᠤᠬᠤ ᠨᠥᠬᠦᠴᠡᠯ ᠳᠤ ᠬᠦᠷᠦᠭᠰᠡᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠵᠢᠴᠢ | ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠤᠷᠠᠬᠢ ᠭᠡᠷ ᠪᠠᠶᠢᠰᠢᠩ᠂ | ᠪᠠᠷᠢᠮᠠᠯ ᠵᠡᠷᠭᠡ ᠶᠢ ᠨᠢᠭᠡᠳᠦᠯᠲᠠᠢ ᠳᠠᠩᠰᠠᠯᠠᠵᠤ᠂ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠦᠨᠡᠮᠯᠡᠯ ᠣᠯᠭᠤᠭᠰᠠᠨ | ᠪᠠᠶᠢᠬᠤ ᠶᠢ ᠪᠠᠲᠤᠯᠠᠬᠤ ᠬᠡᠷᠡᠭᠲᠡᠢ᠃ ᠦᠨᠡᠮᠯᠡᠯ ᠣᠯᠭᠤᠬᠤ ᠨᠥᠬᠦᠴᠡᠯ ᠳᠤ ᠨᠡᠶᠢᠴᠡᠬᠦ ᠦᠭᠡᠢ ᠥᠯᠦ ᠬᠦᠳᠡᠯᠬᠦ | ᠬᠥᠷᠦᠩᠭᠡ ᠶᠢᠨ ᠨᠢᠭᠡᠴᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ᠂ ᠭᠡᠪᠡᠴᠤ ᠳᠠᠩᠰᠠᠯᠠᠬᠤ ᠦᠭᠡᠢ᠃ | ᠬᠤᠪᠢ ᠶᠢᠨ ᠭᠠᠵᠠᠷ ᠪᠠ ᠭᠡᠷ ᠪᠠᠶᠢᠰᠢᠩ ᠤᠨ ᠣᠷᠤᠨ ᠪᠠᠶᠢᠷᠢ᠂ ᠬᠡᠷᠡᠭᠴᠡᠭᠡ᠂ ᠲᠠᠯᠠᠪᠠᠢ᠂ ᠪᠣᠳᠠᠲᠠᠢ ᠬᠡᠷᠡᠭᠯᠡᠵᠦ | ᠪᠠᠶᠢᠭ᠎ᠠ ᠬᠥᠮᠦᠨ ᠵᠢᠴᠢ ᠳᠠᠩᠰᠠᠯᠠᠭᠰᠠᠨ ᠦᠭᠡᠢ ᠶᠢᠨ ᠰᠢᠯᠲᠠᠭᠠᠨ ᠵᠡᠷᠭᠡ ᠦᠨᠳᠦᠰᠦᠨ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠬᠤ ᠬᠡᠷᠡᠭᠲᠡᠢ᠃ ᠪᠠᠶᠢᠴᠠᠭᠠᠯᠲᠠ ᠶᠢᠨ ᠲᠤᠭ᠎ᠠ ᠪᠠᠷᠢᠮᠲᠠ ᠵᠢᠴᠢ ᠮᠠᠲ᠋ᠧᠷᠢᠶᠠᠯ ᠢ ᠬᠤᠪᠢ ᠶᠢᠨ ᠭᠠᠵᠠᠷ ᠢᠶᠠᠷ | ᠪᠠᠶᠢᠴᠠᠭᠠᠯᠲᠠ ᠶᠢᠨ ᠬᠦᠰᠦᠨᠦᠭ ᠲᠠᠭᠯᠠᠬᠤ ᠪᠥᠭᠡᠳ ᠪᠠᠶᠢᠴᠠᠭᠠᠯᠲᠠ ᠶᠢᠨ ᠳ᠋ᠡᠶᠢᠲ᠋ᠠ ᠬᠥᠮᠦᠷᠭᠡ ᠳᠤ ᠣᠷᠤᠭᠤᠯᠤᠨ᠎ᠠ᠃ | ︵ᠬᠤᠶᠠᠷ︶ ᠪᠤᠳᠠᠲᠠᠢ ᠡᠭᠦᠷᠭᠡ | ⒈ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠬᠠᠷᠢᠶᠠᠯᠠᠯ ᠢ ᠪᠠᠶᠢᠴᠠᠭᠠᠨ᠎ᠠ᠃ | ᠳᠣᠲᠤᠭᠠᠳᠤ ᠭᠠᠳᠠᠭᠠᠳᠤ ᠠᠴᠠ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠬᠦ | ᠠᠷᠭ᠎ᠠ ᠶᠢ ᠬᠡᠷᠡᠭᠯᠡᠨ《 ᠭᠡᠷ ᠬᠥᠷᠦᠩᠭᠡ ᠭᠠᠵᠠᠷ ᠰᠢᠷᠤᠢ ᠶᠢ ᠨᠢᠭᠡ ᠴᠣᠭᠴᠠᠵᠢᠭᠤᠯᠬᠤ》 ᠥᠯᠦ ᠬᠦᠳᠡᠯᠬᠦ | ᠬᠥᠷᠦᠩᠭᠡ ᠶᠢᠨ ᠡᠷᠬᠡ ᠶᠢᠨ ᠬᠠᠷᠢᠶᠠᠯᠠᠯ ᠢ ᠨᠥᠬᠦᠪᠦᠷᠢᠯᠡᠨ ᠪᠠᠶᠢᠴᠠᠭᠠᠬᠤ ᠠᠵᠢᠯ ᠦᠷᠨᠢᠭᠦᠯᠵᠤ᠂ ᠥᠯᠦ ᠬᠦᠳᠡᠯᠬᠦ | ᠬᠥᠷᠦᠩᠭᠡ ᠶᠢᠨ ᠨᠢᠭᠡᠴᠢ ᠶᠢᠨ ᠡᠷᠬᠡ ᠶᠢᠨ ᠬᠠᠷᠢᠶᠠᠯᠠᠯ ᠲᠣᠳᠤᠷᠬᠠᠢ᠂ ᠵᠠᠭᠠᠭ ᠲᠣᠳᠤᠷᠬᠠᠢ᠂ ᠣᠷᠤᠨ ᠵᠠᠢ ᠶᠢᠨ | ᠬᠠᠷᠢᠴᠠᠩᠭᠤᠢ ᠪᠠᠶᠢᠷᠢ ᠲᠣᠳᠤᠷᠬᠠᠢ ᠪᠠᠶᠢᠬᠤ ᠶᠢ ᠪᠠᠲᠤᠯᠠᠨ᠎ᠠ᠃ | ⒉ᠥᠯᠦ ᠬᠦᠳᠡᠯᠬᠦ ᠬᠥᠷᠦᠩᠭᠡ ᠶᠢ ᠵᠠᠰᠠᠨ ᠨᠥᠬᠦᠪᠦᠷᠢᠯᠡᠨ ᠬᠡᠮᠵᠢᠨ᠎ᠡ᠃ | ᠵᠠᠭᠠᠭ ᠬᠢᠵᠠᠭᠠᠷ ᠨᠢ ᠬᠤᠪᠢᠷᠠᠯᠲᠠ ᠭᠠᠷᠤᠭᠰᠠᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠣᠷᠤᠨ | ᠰᠠᠭᠤᠴᠠ ᠶᠢᠨ ᠭᠠᠵᠠᠷ᠂ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠲᠡᠭᠦᠨ ᠤ | ᠬᠡᠪᠴᠢᠶᠡᠨ ᠳᠣᠲᠤᠷᠠᠬᠢ ᠪᠠᠷᠢᠯᠭ᠎ᠠ ︵ᠪᠠᠷᠢᠮᠠᠯ︶ ᠶᠢᠨ ᠡᠷᠬᠡ ᠶᠢ ᠵᠠᠰᠠᠨ ᠨᠥᠬᠦᠪᠦᠷᠢᠯᠡᠨ ᠬᠡᠮᠵᠢᠬᠦ ᠠᠵᠢᠯ | ᠥᠷᠨᠢᠭᠦᠯᠦᠨ᠎ᠡ᠃ | ⒊ᠥᠯᠦ ᠬᠦᠳᠡᠯᠬᠦ ᠬᠥᠷᠦᠩᠭᠡ ᠶᠢᠨ ᠳ᠋ᠡᠶᠢᠲ᠋ᠠ ᠬᠥᠮᠦᠷᠭᠡ ᠶᠢ ᠰᠢᠨᠡᠳᠬᠡᠨ᠎ᠡ᠃ | ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠪᠠ ᠵᠠᠰᠠᠨ ᠨᠥᠬᠦᠪᠦᠷᠢᠯᠡᠨ ᠬᠡᠮᠵᠢᠭᠰᠡᠨ ᠪᠠᠶᠢᠳᠠᠯ ᠢ ᠦᠨᠳᠦᠰᠦᠯᠡᠨ | ᠬᠦᠳᠡᠭᠡ ᠲᠤᠰᠬᠤᠨ ᠤ ᠨᠡᠶᠢᠲᠡ ᠶᠢᠨ《 ᠭᠡᠷ ᠪᠠᠶᠢᠰᠢᠩ ᠭᠠᠵᠠᠷ ᠬᠥᠷᠦᠩᠭᠡ ᠶᠢ ᠨᠢᠭᠡ ᠴᠣᠭᠴᠠᠵᠢᠭᠤᠯᠬᠤ》ᠥᠯᠦ | ᠬᠦᠳᠡᠯᠬᠦ ᠬᠥᠷᠦᠩᠭᠡ ᠶᠢᠨ ᠡᠷᠬᠡ ᠶᠢᠨ ᠪᠠᠶᠢᠴᠠᠭᠠᠯᠲᠠ ᠶᠢᠨ ᠳ᠋ᠡᠶᠢᠲ᠋ᠠ ᠬᠥᠮᠦᠷᠭᠡ ᠶᠢ ᠰᠢᠨᠡᠳᠬᠡᠵᠤ᠂ ᠥᠯᠦ ᠬᠦᠳᠡᠯᠬᠦ | ᠬᠥᠷᠦᠩᠭᠡ ᠶᠢ ᠳᠠᠩᠰᠠᠯᠠᠨ ᠦᠨᠡᠮᠯᠡᠯ ᠣᠯᠭᠤᠬᠤ ᠳ᠋ᠡᠶᠢᠲ᠋ᠠ ᠬᠥᠮᠦᠷᠭᠡ ᠶᠢ ᠲᠡᠭᠦᠯᠳᠡᠷᠵᠢᠭᠦᠯᠦᠨ᠎ᠡ᠃ | 4. ᠰᠢᠨ᠎ᠡ ᠪᠠᠷ ᠨᠡᠮᠡᠭᠳᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠨᠥᠬᠦᠪᠦᠷᠢᠯᠡᠨ ᠪᠠᠶᠢᠴᠠᠭᠠᠨ᠎ᠠ ᠃ | 2014 ᠣᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠦᠨᠡᠮᠯᠡᠯ ᠣᠯᠭᠤᠬᠤ ᠲᠤᠰᠬᠠᠢ | ᠠᠵᠢᠯ ᠳᠠᠭᠤᠰᠤᠭᠰᠠᠨ ᠠᠴᠠ ᠰᠡᠭᠦᠯᠡᠷ ᠰᠢᠨ᠎ᠡ ᠪᠠᠷ ᠨᠡᠮᠡᠭᠳᠡᠭᠰᠡᠨ ᠣᠷᠤᠨ ᠰᠠᠭᠤᠴᠠ ᠶᠢᠨ ᠭᠠᠵᠠᠷ᠂ ᠨᠡᠶᠢᠲᠡ ᠶᠢᠨ | ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠨᠥᠬᠦᠪᠦᠷᠢ ᠪᠠᠶᠢᠴᠠᠭᠠᠯᠲᠠ ᠬᠢᠵᠤ᠂ ᠪᠥᠬᠦ ᠬᠤᠲᠠ ᠶᠢᠨ | ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠣᠳᠤᠬᠢ ᠪᠠᠶᠢᠳᠠᠯ ᠢ ᠪᠥᠬᠦ | ᠲᠠᠯ᠎ᠠ ᠪᠠᠷ ᠣᠶᠢᠯᠭᠠᠵᠤ᠂ ᠭᠤᠷᠪᠠᠳᠤᠭᠠᠷ ᠣᠳᠠᠭᠠᠨ ᠤ ᠪᠥᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠳᠤ | ᠰᠠᠭᠤᠷᠢ ᠲᠠᠯᠪᠢᠨ᠎ᠠ᠃ | ᠲᠥᠷᠪᠡ᠂ ᠠᠵᠢᠯ ᠤᠨ ᠲᠥᠯᠥᠪᠯᠡᠭᠡ | ︵ᠨᠢᠭᠡ︶ ᠪᠡᠯᠡᠳᠬᠡᠬᠦ ᠱᠠᠲᠤ ︵2018 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ︶ | ᠠᠵᠢᠯ ᠤᠨ ᠲᠥᠰᠦᠯ ᠲᠣᠭᠲᠠᠭᠠᠬᠤ᠂ ᠠᠵᠢᠯ ᠤᠨ ᠲᠥᠯᠦᠪᠯᠡᠯᠭᠡ ᠵᠣᠬᠢᠶᠠᠬᠤ᠂ ᠵᠠᠷᠤᠳᠠᠯ ᠢ ᠵᠣᠬᠢᠴᠠᠭᠤᠯᠤᠨ | ᠨᠠᠶᠢᠳᠠᠪᠤᠷᠢᠵᠢᠭᠤᠯᠬᠤ᠂ ᠮᠡᠷᠭᠡᠵᠢᠯ ᠢᠶᠠᠷ ᠳᠡᠮᠵᠢᠬᠦ ᠨᠢᠭᠡᠴᠡ ᠶᠢ ᠰᠤᠩᠭᠤᠬᠤ ᠵᠡᠷᠭᠡ ᠠᠵᠢᠯ ᠢ ᠪᠡᠶᠡᠯᠡᠭᠦᠯᠦᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠲᠤᠰ ᠭᠠᠵᠠᠷ ᠤᠨ ᠢᠶᠠᠨ ᠬᠡᠪᠴᠢᠶᠡᠨ ᠠᠴᠠ ᠨᠢᠭᠡ ᠰᠢᠶᠠᠩ ︵ᠪᠠᠯᠭᠠᠰᠤ︶ ᠪᠤᠶᠤ | ᠵᠠᠰᠠᠭ ᠵᠠᠬᠢᠷᠭᠠᠨ ᠤ ᠲᠤᠰᠬᠤᠨ ᠢ ᠰᠤᠩᠭᠤᠵᠤ᠂ ᠤᠯᠤᠰ ᠤᠨ ᠬᠠᠮᠢᠶ᠎ᠠ ᠪᠥᠬᠦᠢ ᠪᠠᠶᠢᠴᠠᠭᠠᠯᠲᠠ ᠶᠢᠨ ᠳᠦᠷᠢᠮ | ᠲᠤᠭᠲᠠᠭᠠᠯ ᠪᠠ ᠪᠠᠷᠢᠮᠵᠢᠶ᠎ᠠ ᠶᠣᠰᠤᠭᠠᠷ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠤᠭᠴᠠᠵᠢᠭᠤᠯᠤᠨ ᠣᠷᠤᠨ | ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠣᠲᠠᠯᠠᠨ ᠲᠣᠭᠲᠠᠭᠠᠵᠤ | ᠳᠠᠩᠰᠠᠯᠠᠨ ᠦᠨᠡᠮᠯᠡᠯ ᠣᠯᠭᠤᠬᠤ ᠲᠤᠷᠰᠢᠯᠲᠠ ᠶᠢᠨ ᠴᠡᠭ ᠪᠣᠯᠭᠠᠨ ᠬᠡᠷᠡᠭᠵᠢᠭᠦᠯᠦᠨ᠎ᠡ᠃ | ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ︵2018 ᠣᠨ ᠤ 9 ᠰᠠᠷ᠎ᠠ - 2018 ᠣᠨ ᠤ | 10 ᠰᠠᠷ᠎ᠠ︶ | ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠨᠢᠭᠡᠳᠦᠯᠲᠠᠢ ᠲᠣᠬᠢᠷᠠᠭᠤᠯᠤᠯᠲᠠ ᠬᠢᠵᠤ᠂ | ᠴᠠᠭ ᠢ ᠤᠬᠤᠷᠢᠭᠤᠯᠤᠨ ᠪᠣᠳᠤᠬᠤ᠂ ᠲᠣᠷᠰᠢᠯᠲᠠ ᠶᠢᠨ ᠴᠡᠭ ᠢ ᠤᠷᠢᠳ ᠢᠶᠠᠷ᠂ ᠠᠯᠬᠤᠮ ᠳᠠᠷᠠᠭ᠎ᠠ ᠲᠠᠢ ᠠᠬᠢᠭᠤᠯᠬᠤ | ᠠᠷᠭ᠎ᠠ ᠪᠠᠷ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠣᠷᠤᠨ ᠰᠠᠭᠤᠴᠠ ᠶᠢᠨ ᠭᠠᠵᠠᠷ ᠪᠠ | ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ | ᠣᠯᠭᠤᠬᠤ ᠠᠵᠢᠯ ᠢ ᠥᠷᠨᠢᠭᠦᠯᠵᠤ᠂ 2018 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ ᠦᠨᠡᠮᠯᠡᠯ ᠣᠯᠭᠤᠬᠤ | ᠨᠥᠬᠦᠴᠡᠯ ᠪᠦᠷᠢᠳᠦᠭᠰᠡᠨ ᠪᠠᠶᠢᠬᠤ ᠶᠢ ᠪᠠᠲᠤᠯᠠᠨ᠎ᠠ᠃ | ︵ᠭᠤᠷᠪᠠ︶ ᠳᠠᠩᠰᠠᠯᠠᠨ ᠦᠨᠡᠮᠯᠡᠯ ᠣᠯᠭᠤᠬᠤ ᠱᠠᠲᠤ ︵2018 ᠣᠨ ᠤ10 ᠰᠠᠷ᠎ᠠ - 2018 | ᠣᠨ ᠤ 11 ᠰᠠᠷ᠎ᠠ︶ | ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠥᠯᠦ ᠬᠦᠳᠡᠯᠬᠦ ᠬᠥᠷᠦᠩᠭᠡ ᠶᠢᠨ | ᠡᠷᠬᠡ ᠶᠢᠨ ᠦᠨᠡᠮᠯᠡᠯ ᠣᠯᠭᠤᠵᠤ᠂ ᠥᠯᠦ ᠬᠦᠳᠡᠯᠬᠦ ᠬᠥᠷᠦᠩᠭᠡ ᠶᠢ ᠳᠠᠩᠰᠠᠯᠠᠬᠤ ᠳ᠋ᠡᠶᠢᠲ᠋ᠠ ᠬᠥᠮᠦᠷᠭᠡ ᠪᠠᠶᠢᠭᠤᠯᠤᠨ᠎ᠠ᠃ | | ᠲᠠᠪᠤ᠂ ᠪᠠᠲᠤᠯᠠᠭ᠎ᠠ ᠶᠢᠨ ᠠᠷᠭ᠎ᠠ ᠠᠪᠴᠠᠯ | ︵ᠨᠢᠭᠡ︶ ᠵᠠᠷᠤᠳᠠᠯ ᠤᠨ ᠪᠠᠲᠤᠯᠠᠭ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ | ᠬᠠᠮᠢᠶ᠎ᠠ ᠪᠥᠬᠦᠢ ᠳᠦᠷᠢᠮ ᠲᠣᠭᠲᠠᠭᠠᠯ ᠶᠣᠰᠤᠭᠠᠷ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠣᠨᠢᠨ | ᠳᠡᠭᠡᠷ᠎ᠡ ᠨᠢ ᠶᠠᠳᠠᠭᠤ ᠶᠢ ᠲᠡᠳᠬᠦᠬᠦ᠂ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ ᠳᠠᠩᠰᠠᠯᠠᠬᠤ ᠵᠡᠷᠭᠡ ᠠᠵᠢᠯ ᠲᠠᠢ | ᠤᠶᠠᠯᠳᠤᠭᠤᠯᠤᠨ ᠲᠤᠰᠬᠠᠢ ᠠᠵᠢᠯ ᠤᠨ ᠵᠠᠷᠤᠳᠠᠯ ᠮᠥᠩᠭᠦ ᠶᠢ ᠨᠢᠭᠡᠳᠦᠯᠲᠠᠢ ᠲᠣᠬᠢᠷᠠᠭᠤᠯᠤᠨ᠎ᠠ᠃ ᠡᠯ᠎ᠡ ᠬᠤᠰᠢᠭᠤ | ᠰᠢᠶᠠᠨ ᠲᠣᠭᠤᠷᠢᠭ ᠬᠦᠳᠡᠭᠡ ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠤᠭᠲᠠᠭᠠᠵᠤ ᠳᠠᠩᠰᠠᠯᠠᠨ | ᠦᠨᠡᠮᠯᠡᠯ ᠣᠯᠭᠤᠬᠤ ᠬᠠᠮᠢᠶ᠎ᠠ ᠪᠥᠬᠦᠢ ᠰᠥᠢᠳᠬᠡᠯ ᠬᠤᠷᠢᠶᠠᠬᠤ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠲᠠᠷᠢᠶᠠᠴᠢᠨ ᠪᠠ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠶᠠᠮᠠᠷᠴᠤ ᠰᠥᠢᠳᠬᠡᠯ ᠬᠤᠷᠢᠶᠠᠵᠤ | ᠪᠣᠯᠬᠤ ᠦᠭᠡᠢ᠃ | ︵ᠬᠤᠶᠠᠷ︶ ᠮᠡᠷᠭᠡᠵᠢᠯ ᠤᠨ ᠪᠠᠲᠤᠯᠠᠭ᠎ᠠ᠃ ᠬᠦᠳᠡᠭᠡ ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ | ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠪᠣᠯᠤᠨ ᠬᠦᠳᠡᠭᠡ ᠲᠤᠰᠬᠤᠨ ᠤ ᠭᠡᠷ ᠪᠠᠶᠢᠰᠢᠩ | ᠭᠠᠵᠠᠷ ᠰᠢᠷᠤᠢ ᠶᠢ ᠨᠢᠭᠡ ᠴᠣᠭᠴᠠᠵᠢᠭᠤᠯᠬᠤ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ ᠳᠠᠩᠰᠠᠯᠠᠬᠤ ᠠᠵᠢᠯ ᠢ | ᠪᠥᠲᠦᠮᠵᠢᠲᠠᠢ ᠵᠣᠯᠭᠠᠭᠤᠯᠬᠤ ᠶᠢ ᠪᠠᠲᠤᠯᠠᠬᠤ ᠶᠢᠨ ᠲᠥᠯᠦᠭᠡ᠂ ᠵᠠᠷᠴᠢᠮ ᠳᠡᠭᠡᠷ᠎ᠡ ᠪᠠᠨ ᠣᠣᠯ ᠤᠨ ᠬᠦᠳᠡᠭᠡ | ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ | ᠬᠢᠵᠤ ᠪᠠᠶᠢᠭᠰᠠᠨ ᠮᠡᠷᠭᠡᠵᠢᠯ ᠤᠨ ᠨᠢᠭᠡᠴᠡ ᠠᠴᠠ ᠲᠤᠰ ᠠᠵᠢᠯ ᠢ ᠦᠷᠬᠦᠯᠵᠢᠯᠡᠨ ᠶᠠᠪᠤᠭᠳᠠᠭᠤᠯᠵᠤ᠂ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠤᠨ ᠤ ᠵᠦᠪᠰᠢᠶᠡᠷᠡᠯ ᠢ ᠣᠯᠤᠭᠰᠠᠨ ᠤ ᠳᠠᠷᠠᠭ᠎ᠠ᠂ ᠨᠥᠬᠦᠪᠦᠷᠢ ᠭᠡᠷ᠎ᠡ | ᠲᠣᠭᠲᠠᠬᠤ︔ ᠡᠰᠡᠬᠦᠯ᠎ᠡ ᠥᠪᠡᠷ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠤᠨ ᠤ | ᠬᠤᠳᠠᠯᠳᠤᠨ ᠠᠪᠬᠤ ᠬᠠᠮᠢᠶ᠎ᠠ ᠪᠥᠬᠦᠢ ᠱᠠᠭᠠᠷᠳᠠᠯᠭ᠎ᠠ ᠶᠤᠰᠤᠭᠠᠷ᠂ ᠮᠡᠷᠭᠡᠵᠢᠯ ᠤᠨ ᠨᠢᠭᠡᠴᠡ ᠶᠢ ᠰᠢᠨ᠎ᠡ ᠪᠠᠷ | ᠰᠤᠩᠭᠤᠨ᠎ᠠ᠃ | ︵ᠭᠤᠷᠪᠠ︶ ᠲᠥᠷᠦ ᠶᠢᠨ ᠪᠣᠳᠤᠯᠭ᠎ᠠ ᠶᠢᠨ ᠪᠠᠲᠤᠯᠠᠭ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠣᠷᠳᠤᠨ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠬᠠᠮᠢᠶ᠎ᠠ ᠪᠥᠬᠦᠢ ᠳᠦᠷᠢᠮ ᠲᠣᠭᠲᠠᠭᠠᠯ ᠢ | ᠴᠢᠩᠭ᠎ᠠ ᠵᠢᠷᠤᠮᠯᠠᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠢᠳᠡᠪᠬᠢᠲᠠᠢ ᠰᠢᠢᠳᠪᠦᠷᠢᠯᠡᠵᠦ᠂ | ᠲᠤᠬᠠᠢ ᠶᠢᠨ ᠭᠠᠵᠠᠷ ᠤᠨ ᠲᠤᠰᠬᠤᠨ ᠪᠠᠯᠭᠠᠰᠤ ᠶᠢᠨ ᠲᠥᠯᠦᠪᠵᠢᠭᠦᠯᠭᠡ᠂ ᠪᠠᠷᠢᠯᠭ᠎ᠠ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠦᠨᠳᠦᠰᠦᠯᠡᠵᠤ᠂ ᠲᠤᠰ ᠭᠠᠵᠠᠷ ᠣᠷᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ | ᠰᠢᠢᠳᠪᠦᠷᠢᠯᠡᠬᠦ ᠰᠠᠨᠠᠯ ᠪᠠ ᠦᠨᠡᠯᠡᠨ ᠲᠣᠭᠲᠠᠭᠠᠬᠤ ᠪᠠᠷᠢᠮᠵᠢᠶ᠎ᠠ ᠲᠣᠭᠲᠠᠭᠠᠵᠤ᠂ ᠬᠠᠤᠯᠢ ᠴᠠᠭᠠᠵᠠ ᠳᠦᠷᠢᠮ | ᠲᠣᠭᠲᠠᠭᠠᠯ ᠶᠣᠰᠤᠭᠠᠷ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠦᠨᠡᠮᠯᠡᠯ ᠲᠠᠷᠬᠠᠭᠠᠨ᠎ᠠ᠃ ᠲᠡᠤᠬᠡᠨ ᠠᠴᠠ ᠪᠣᠢ | ᠪᠣᠯᠤᠭᠰᠠᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠪᠣᠯᠪᠠᠴᠤ ᠳᠠᠩᠰᠠᠯᠠᠬᠤ ᠨᠥᠬᠦᠴᠡᠯ ᠳᠤ ᠨᠡᠶᠢᠴᠡᠭᠰᠡᠨ | ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠡᠷᠬᠡ ᠶᠢ ᠢᠯᠭᠠᠨ ᠲᠣᠭᠲᠠᠭᠠᠬᠤ ᠱᠣᠭᠤᠮ ᠶᠣᠰᠤᠭᠠᠷ ᠳᠠᠩᠰᠠᠯᠠᠨ | ᠦᠨᠡᠮᠯᠡᠯ ᠣᠯᠭᠤᠨ᠎ᠠ︔ ᠣᠶᠢᠷ᠎ᠠ ᠶᠢᠨ ᠵᠢᠯ ᠳᠤ ᠪᠣᠯᠤᠭᠰᠠᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ | ᠭᠡᠪᠡᠴᠤ ᠲᠤᠬᠠᠢ ᠶᠢᠨ ᠭᠠᠵᠠᠷ ᠤᠨ ᠣᠷᠤᠨ ᠰᠠᠭᠤᠴᠠ ᠶᠢᠨ ᠭᠠᠵᠠᠷ ᠤᠨ ᠬᠢᠨᠠᠨ ᠵᠦᠪᠰᠢᠶᠡᠷᠡᠯ ᠪᠠ ᠭᠡᠷ ᠪᠠᠶᠢᠰᠢᠩ ᠤᠨ | ᠪᠥᠲᠦᠭᠡᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠡᠯ᠎ᠡ | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠠᠴᠠ ᠵᠣᠬᠢᠶᠠᠨ ᠪᠠᠶᠢᠭᠤᠯᠵᠤ ᠲᠥᠪᠯᠡᠷᠡᠭᠦᠯᠦᠨ ᠬᠢᠨᠠᠨ | ᠵᠦᠪᠰᠢᠶᠡᠷᠡᠭᠰᠡᠨ ᠤ ᠳᠠᠷᠠᠭ᠎ᠠ᠂ ᠳᠠᠩᠰᠠᠯᠠᠨ ᠦᠨᠡᠮᠯᠡᠯ ᠣᠯᠭᠤᠨ᠎ᠠ᠃ ᠬᠠᠤᠯᠢ ᠳᠤ ᠨᠡᠶᠢᠴᠡᠬᠦ ᠦᠭᠡᠢ ᠣᠷᠤᠨ | ᠰᠠᠭᠤᠴᠠ ᠶᠢᠨ ᠭᠠᠵᠠᠷ᠂ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠭᠡᠷ ᠪᠠᠶᠢᠰᠢᠩ ᠢ | ᠨᠢᠭᠡᠳᠦᠯᠲᠠᠢ ᠳᠠᠩᠰᠠᠯᠠᠬᠤ ᠪᠠᠷ ᠳᠠᠮᠵᠢᠨ ᠬᠠᠤᠯᠢᠵᠢᠭᠤᠯᠬᠤ ᠶᠢ ᠡᠷᠡᠰ ᠴᠠᠭᠠᠵᠠᠯᠠᠨ᠎ᠠ᠃ ᠪᠠᠭ᠎ᠠ ᠥᠮᠴᠢᠯᠡᠯᠲᠤ ᠭᠡᠷ | ᠪᠠᠶᠢᠰᠢᠩ ᠳᠤ ᠥᠯᠦ ᠬᠦᠳᠡᠯᠬᠦ ᠬᠥᠷᠦᠩᠭᠡ ᠶᠢᠨ ᠳᠠᠩᠰᠠ ᠬᠢᠵᠤ ᠥᠭᠬᠦ ᠶᠢ ᠡᠷᠡᠰ ᠴᠠᠭᠠᠵᠠᠯᠠᠨ᠎ᠠ᠃ | ᠵᠢᠷᠭᠤᠭ᠎ᠠ᠂ ᠡᠷᠬᠡ ᠶᠢ ᠨᠣᠲᠠᠯᠠᠨ ᠲᠣᠭᠲᠠᠭᠠᠵᠤ ᠳᠠᠩᠰᠠᠯᠠᠬᠤ ᠶᠠᠪᠤᠴᠠ | ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠡᠯ᠎ᠡ ᠬᠤᠰᠢᠭᠤ ᠰᠢᠶᠠᠨ ᠲᠣᠭᠤᠷᠢᠭ ᠨᠢ ᠬᠦᠴᠢᠷ ᠤᠨ | ᠬᠡᠮᠵᠢᠶ᠎ᠡ ᠶᠣᠰᠤᠭᠠᠷ᠂ ᠲᠤᠰᠬᠤᠨ ᠳᠠᠷᠠᠭᠠᠯᠠᠨ ᠠᠬᠢᠭᠤᠯᠵᠤ᠂ ᠬᠡᠰᠡᠭ ᠬᠡᠰᠡᠭ ᠢᠶᠠᠷ ᠠᠬᠢᠭᠤᠯᠤᠨ᠎ᠠ᠃ ᠵᠠᠰᠠᠭ | ᠵᠠᠬᠢᠷᠭᠠᠨ ᠤ ᠲᠤᠰᠬᠤᠨ ᠢᠶᠠᠷ ᠨᠢᠭᠡᠴᠢ ᠪᠤᠯᠭᠠᠵᠤ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠨ᠂ | ᠪᠠᠶᠢᠴᠠᠭᠠᠯᠲᠠ ᠶᠢᠨ ᠬᠥᠮᠦᠷᠭᠡ ᠶᠢᠨ ᠮᠡᠳᠡᠭᠡ ᠵᠠᠩᠬᠢ ᠯᠤᠭ᠎ᠠ ᠬᠠᠷᠢᠴᠠᠭᠤᠯᠵᠤ᠂ ᠵᠠᠭᠠᠭ ᠬᠢᠵᠠᠭᠠᠷ ᠨᠢ ᠬᠤᠪᠢᠷᠠᠭᠰᠠᠨ | ᠬᠤᠪᠢ ᠶᠢᠨ ᠭᠠᠵᠠᠷ ᠲᠤ ᠵᠠᠰᠠᠨ ᠨᠥᠬᠦᠪᠦᠷᠢᠯᠡᠨ ᠬᠡᠮᠵᠢᠬᠦ ᠠᠵᠢᠯ ᠥᠷᠨᠢᠭᠦᠯᠬᠦ ᠶᠢᠨ ᠬᠠᠮᠲᠤ ᠭᠡᠷ ᠪᠠᠶᠢᠰᠢᠩ ᠤᠨ | ᠲᠠᠯᠠᠪᠠᠢ᠂ ᠪᠠᠷᠢᠭᠰᠠᠨ ᠴᠠᠭ᠂ ᠡᠷᠬᠡ ᠶᠢᠨ ᠬᠠᠷᠢᠶᠠᠯᠠᠯ ᠤᠨ ᠢᠷᠡᠯᠲᠡ᠂ ᠪᠥᠲᠦᠴᠡ ᠵᠡᠷᠭᠡ ᠦᠨᠳᠦᠰᠦᠨ ᠮᠡᠳᠡᠭᠡ | ᠵᠠᠩᠬᠢ ᠶᠢ ᠨᠥᠬᠦᠪᠦᠷᠢᠯᠡᠨ ᠪᠠᠶᠢᠴᠠᠭᠠᠨ᠎ᠠ︔ ᠵᠠᠭᠠᠭ ᠬᠢᠵᠠᠭᠠᠷ ᠨᠢ ᠬᠤᠪᠢᠷᠠᠭᠰᠠᠨ ᠦᠭᠡᠢ ᠬᠤᠪᠢ ᠶᠢᠨ ᠭᠠᠵᠠᠷ ᠢ | ᠰᠢᠨ᠎ᠡ ᠪᠠᠷ ᠬᠡᠮᠵᠢᠬᠦ ᠴᠢᠬᠤᠯᠠ ᠦᠭᠡᠢ᠂ ᠭᠡᠷ ᠪᠠᠶᠢᠰᠢᠩ ᠤᠨ ᠲᠠᠯᠠᠪᠠᠢ᠂ ᠪᠠᠷᠢᠭᠰᠠᠨ ᠴᠠᠭ᠂ ᠡᠷᠬᠡ ᠶᠢᠨ | ᠬᠠᠷᠢᠶᠠᠯᠠᠯ ᠤᠨ ᠢᠷᠡᠯᠲᠡ᠂ ᠪᠥᠲᠦᠴᠡ ᠵᠡᠷᠭᠡ ᠦᠨᠳᠦᠰᠦᠨ ᠮᠡᠳᠡᠭᠡ ᠵᠠᠩᠬᠢ ᠶᠢ ᠨᠥᠬᠦᠪᠦᠷᠢᠯᠡᠵᠤ᠂ ᠠᠵᠢᠯ ᠤᠨ | ᠳᠠᠩᠰᠠ ᠪᠠᠶᠢᠭᠤᠯᠵᠤ᠂ ᠦᠨᠳᠦᠰᠦᠨ ᠮᠠᠲ᠋ᠧᠷᠢᠶᠠᠯ ᠪᠣᠯᠭᠠᠨ᠎ᠠ᠃ | ︵ᠬᠤᠶᠠᠷ︶ ᠬᠢᠨᠠᠨ ᠬᠠᠷᠭᠤᠭᠤᠯᠬᠤ᠃ ᠪᠥᠬᠦᠶᠢᠯᠡ ᠭᠤᠶᠤᠴᠢᠯᠠᠭᠴᠢ ᠶᠢᠨ ᠦᠨᠳᠦᠰᠦᠨ ᠮᠠᠲ᠋ᠧᠷᠢᠶᠠᠯ ᠢ ᠬᠢᠨᠠᠨ | ᠬᠠᠷᠭᠤᠭᠤᠯᠤᠨ᠎ᠠ᠂ ᠭᠤᠶᠤᠴᠢᠯᠠᠭᠴᠢ ᠨᠢ ᠲᠤᠰ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠡᠰᠡᠬᠦ᠂ ᠣᠷᠤᠨ ᠰᠠᠭᠤᠴᠠ ᠶᠢᠨ ᠭᠠᠵᠠᠷ ᠨᠢ ᠭᠠᠵᠠᠷ ᠰᠢᠷᠤᠢ ᠶᠢ ᠠᠰᠢᠭᠯᠠᠬᠤ | ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠡᠰᠡᠬᠦ᠂《 ᠨᠢᠭᠡ ᠡᠷᠦᠬᠡ ᠨᠢᠭᠡ ᠰᠠᠭᠤᠴᠠ》ᠡᠰᠡᠬᠦ᠂ ᠪᠠᠷᠢᠮᠵᠢᠶ᠎ᠠ | ᠲᠠᠯᠠᠪᠠᠢ ᠠᠴᠠ ᠬᠡᠲᠦᠷᠡᠭᠰᠡᠨ ᠡᠰᠡᠬᠦ᠂ ᠭᠠᠵᠠᠷ ᠰᠢᠷᠤᠢ ᠪᠠ ᠭᠡᠷ ᠬᠥᠷᠦᠩᠭᠡ ᠶᠢᠨ ᠥᠮᠴᠢᠯᠡᠯ ᠤᠨ ᠡᠷᠬᠡ ᠶᠢᠨ | ᠢᠷᠡᠯᠲᠡ ᠶᠢᠨ ᠲᠤᠬᠠᠢ ᠮᠠᠲ᠋ᠧᠷᠢᠶᠠᠯ ᠪᠠᠶᠢᠬᠤ ᠡᠰᠡᠬᠦ ᠵᠡᠷᠭᠡ ᠪᠠᠶᠢᠳᠠᠯ ᠢ ᠭᠤᠣᠯᠴᠢᠯᠠᠨ ᠬᠢᠨᠠᠨ ᠬᠠᠷᠭᠤᠭᠤᠯᠤᠨ᠎ᠠ᠃ | ᠳᠠᠩᠰᠠᠯᠠᠬᠤ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠡᠮᠬᠢᠯᠡᠵᠤ ᠭᠠᠷᠭᠠᠨ᠎ᠠ᠃ | 1999 ᠣᠨ ᠠᠴᠠ ᠡᠮᠦᠨ᠎ᠡ ᠡᠵᠡᠯᠡᠭᠰᠡᠨ᠂ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠂《 ᠣᠷᠤᠨ | ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ | ᠢᠷᠡᠯᠲᠡ ᠶᠢᠨ ᠭᠡᠷᠡᠴᠢ》 ᠶᠢ ᠦᠨᠳᠦᠰᠦᠯᠡᠨ ᠨᠣᠲᠠᠯᠠᠨ ᠲᠣᠭᠲᠠᠭᠠᠵᠤ ᠳᠠᠩᠰᠠᠯᠠᠭᠰᠠᠨ ᠭᠠᠵᠠᠷ ᠤᠨ ᠡᠵᠡᠯᠡᠭᠰᠡᠨ | ᠴᠠᠭ ᠢ ᠭᠤᠣᠯᠴᠢᠯᠠᠨ ᠬᠢᠨᠠᠨ ᠬᠠᠷᠭᠤᠭᠤᠯᠤᠨ᠎ᠠ᠃ | ︵ᠭᠤᠷᠪᠠ︶ ᠡᠷᠬᠡ ᠶᠢᠨ ᠬᠠᠷᠢᠶᠠᠯᠠᠯ ᠢ ᠨᠡᠶᠢᠲᠡᠯᠡᠬᠦ ᠵᠢᠴᠢ ᠠᠩᠬᠠᠨ ᠤ ᠳᠠᠩᠰᠠᠯᠠᠯᠲᠠ ᠶᠢ ᠵᠠᠷᠯᠠᠬᠤ᠃ ᠭᠠᠷ | ᠭᠦᠢᠴᠡᠳᠬᠡᠯ ᠢ ᠳᠥᠭᠦᠮᠴᠢᠯᠡᠵᠤ᠂ ᠲᠠᠷᠢᠶᠠᠴᠢᠳ ᠤᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠨ᠎ᠠ᠃ ᠲᠤᠰ | ᠤᠳᠠᠭᠠᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ | ᠳᠠᠩᠰᠠᠯᠠᠬᠤ ᠠᠵᠢᠯ ᠤᠨ ᠳᠣᠮᠳᠠ᠂ 1999 ᠣᠨ ᠠᠴᠠ ᠡᠮᠦᠨ᠎ᠡ ᠡᠵᠡᠯᠡᠭᠰᠡᠨ ᠬᠢᠨᠠᠨ ᠵᠦᠪᠰᠢᠶᠡᠷᠡᠬᠦ ᠭᠠᠷ | ᠭᠦᠢᠴᠡᠳᠬᠡᠯ ᠦᠭᠡᠢ ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ | ᠡᠷᠬᠡ ᠶᠢᠨ ᠨᠣᠲᠠᠯᠠᠯᠲᠠ᠂ ᠭᠡᠷ ᠪᠠᠶᠢᠰᠢᠩ ᠢ ᠪᠠᠷᠢᠵᠤ ᠳᠠᠭᠤᠰᠬᠠᠭᠰᠠᠨ ᠣᠨ ᠵᠢᠯ᠂ ᠳᠠᠩᠰᠠᠯᠠᠭᠰᠠᠨ ᠲᠠᠯᠠᠪᠠᠢ ᠶᠢᠨ | ᠨᠣᠲᠠᠯᠠᠨ ᠲᠣᠭᠲᠠᠭᠠᠯᠲᠠ ᠶᠢ ᠲᠤᠰᠬᠤᠨ᠂ ᠰᠢᠶᠠᠩ ︵ᠪᠠᠯᠭᠠᠰᠤ︶ ᠬᠤᠶᠠᠷ ᠱᠠᠲᠤ ᠨᠣᠲᠠᠯᠠᠨ ᠲᠣᠭᠲᠠᠭᠠᠬᠤ | ᠬᠡᠯᠪᠡᠷᠢ ᠪᠠᠷ ᠶᠠᠪᠤᠭᠳᠠᠭᠤᠯᠤᠨ᠎ᠠ ︵ᠳᠠᠭᠠᠯᠳᠤᠭᠤᠯᠤᠯ《 ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ | ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》 ᠶᠢ ᠦᠵᠡ︶᠃ | ᠲᠤᠰ ᠬᠦᠰᠦᠨᠦᠭ ᠳᠡᠭᠡᠷ᠎ᠡ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠳᠠᠷᠠᠭ᠎ᠠ ᠲᠤᠰᠬᠤᠨ ᠳᠣᠲᠤᠷ᠎ᠠ | ᠨᠡᠶᠢᠲᠡᠯᠡᠵᠤ᠂ ᠨᠡᠶᠢᠲᠡᠯᠡᠭᠰᠡᠨ ᠠᠴᠠ ᠰᠡᠭᠦᠯᠡᠷ 30 ᠡᠳᠤᠷ ᠤᠨ ᠳᠣᠲᠤᠷ᠎ᠠ ᠥᠭᠡᠷ᠎ᠡ ᠰᠠᠨᠠᠯ ᠭᠠᠷᠬᠤ ᠦᠭᠡᠢ ᠪᠣᠯ | ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ | ᠪᠣᠯᠭᠠᠨ᠎ᠠ᠃ | ᠳᠠᠩᠰᠠᠯᠠᠬᠤ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢᠨ ᠡᠷᠬᠡ ᠶᠢᠨ | ᠬᠠᠷᠢᠶᠠᠯᠠᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠣᠲᠤᠷ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠲᠣᠪᠴᠢᠶ᠎ᠠ ᠶᠢᠨ | ᠠᠯᠪᠠᠨ ᠰᠦᠯᠵᠢᠶ᠎ᠡ ᠳᠡᠭᠡᠷ᠎ᠡ ᠨᠡᠶᠢᠲᠡᠯᠡᠨ᠎ᠡ᠃ ᠨᠡᠶᠢᠲᠡᠯᠡᠬᠦ ᠬᠤᠭᠤᠴᠠᠭ᠎ᠠ ᠨᠢ 15 ᠠᠵᠢᠯᠯᠠᠬᠤ ᠡᠳᠤᠷ ᠠᠴᠠ ᠪᠠᠭ᠎ᠠ | ᠪᠠᠶᠢᠵᠤ ᠪᠣᠯᠬᠤ ᠦᠭᠡᠢ᠂ ᠨᠡᠶᠢᠲᠡᠯᠡᠬᠦ ᠬᠤᠭᠤᠴᠠᠭ᠎ᠠ ᠳᠠᠭᠤᠰᠴᠤ ᠥᠭᠡᠷ᠎ᠡ ᠰᠠᠨᠠᠯ ᠦᠭᠡᠢ ᠪᠣᠶᠤ ᠳᠤᠷᠠᠳᠤᠭᠰᠠᠨ ᠰᠠᠨᠠᠯ | ᠨᠢ ᠵᠦᠢ ᠶᠣᠰᠤᠨ ᠳᠤ ᠨᠡᠶᠢᠴᠡᠬᠦ ᠦᠭᠡᠢ ᠪᠣᠯ ᠰᠢᠶᠠᠩ ᠪᠠᠯᠭᠠᠰᠤ ᠪᠠᠷ ᠨᠢᠭᠡᠴᠢ ᠪᠣᠯᠭᠠᠨ ᠡᠷᠬᠡ ᠶᠢ ᠨᠣᠲᠠᠯᠠᠨ | ᠲᠣᠭᠲᠠᠭᠠᠬᠤ ᠨᠡᠷᠡᠰ ᠤᠨ ᠪᠦᠷᠢᠳᠬᠡᠯ ᠬᠢᠬᠦ ᠴᠢᠬᠤᠯᠠᠲᠠᠢ ᠪᠠᠶᠢᠵᠤ᠂ ᠨᠡᠷᠡᠰ ᠤᠨ ᠪᠦᠷᠢᠳᠬᠡᠯ ᠳᠤ ᠪᠠᠨ ᠡᠷᠬᠡᠲᠤ | ᠬᠦᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠤᠨ ᠰᠠᠭᠤᠴᠠ ᠶᠢᠨ ᠭᠠᠵᠠᠷ ᠵᠢᠴᠢ ᠭᠡᠷ | ᠪᠠᠶᠢᠰᠢᠩ ᠤᠨ ᠪᠠᠶᠢᠷᠢᠰᠢᠯ᠂ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠲᠠᠯᠠᠪᠠᠢ᠂ ᠬᠡᠷᠡᠭᠴᠡᠭᠡ ᠵᠡᠷᠭᠡ | ᠦᠨᠳᠦᠰᠦᠨ ᠮᠡᠳᠡᠭᠡ ᠵᠠᠩᠬᠢ ᠶᠢ ᠪᠠᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠳᠤ | ᠮᠡᠳᠡᠭᠦᠯᠵᠤ ᠬᠢᠨᠠᠨ ᠲᠣᠭᠲᠠᠭᠠᠯᠭᠠᠨ᠎ᠠ᠃ | 1999 ᠣᠨ ᠠᠴᠠ ᠰᠡᠭᠦᠯᠡᠷ᠂ ᠬᠦᠳᠡᠭᠡ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠪᠦᠷᠢᠯᠳᠦᠭᠦᠨ | ᠭᠡᠰᠢᠬᠦᠨ ᠬᠢᠨᠠᠨ ᠵᠦᠪᠰᠢᠶᠡᠷᠡᠭᠦᠯᠦᠭᠰᠡᠨ ᠦᠭᠡᠢ ᠪᠠᠷ ᠣᠷᠤᠨ ᠰᠠᠭᠤᠴᠠ ᠶᠢᠨ ᠭᠠᠵᠠᠷ ᠡᠵᠡᠯᠡᠭᠰᠡᠨ ᠪᠥᠭᠡᠳ ᠭᠡᠷ | ᠪᠠᠶᠢᠰᠢᠩ ᠪᠠᠷᠢᠭᠰᠠᠨ ᠪᠠᠶᠢᠳᠠᠯ ᠳᠤ᠂ ᠲᠤᠬᠠᠢ ᠶᠢᠨ ᠭᠠᠵᠠᠷ ᠤᠨ ᠣᠷᠤᠨ ᠰᠠᠭᠤᠴᠠ ᠶᠢᠨ ᠭᠠᠵᠠᠷ ᠤᠨ ᠬᠢᠨᠠᠨ | ᠵᠦᠪᠰᠢᠶᠡᠷᠡᠯ᠂ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢᠨ ᠨᠥᠬᠦᠴᠡᠯ ᠪᠠ ᠭᠠᠵᠠᠷ ᠰᠢᠷᠤᠢ ᠶᠢ ᠠᠰᠢᠭᠯᠠᠬᠤ | ᠲᠥᠯᠦᠪᠵᠢᠭᠦᠯᠭᠡ ᠳᠤ ᠨᠡᠶᠢᠴᠡᠪᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠰᠢᠶᠠᠩ ᠪᠣᠶᠤ | ᠲᠤᠰᠬᠤᠨ ᠢᠶᠠᠷ ᠨᠢᠭᠡᠴᠢ ᠪᠤᠯᠭᠠᠵᠤ᠂ ᠣᠷᠤᠨ ᠰᠠᠭᠤᠴᠠ ᠶᠢᠨ ᠭᠠᠵᠠᠷ ᠤᠨ ᠬᠡᠷᠡᠭᠯᠡᠯᠲᠡ ᠵᠢᠴᠢ ᠭᠠᠵᠠᠷ ᠳᠡᠭᠡᠷᠡᠬᠢ ᠭᠡᠷ | ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢ ᠬᠢᠨᠠᠨ ᠵᠦᠪᠰᠢᠶᠡᠷᠡᠬᠦ ᠠᠵᠢᠯ ᠢ ᠲᠥᠪᠯᠡᠷᠡᠭᠦᠯᠦᠨ ᠶᠠᠪᠤᠭᠳᠠᠭᠤᠯᠤᠨ᠎ᠠ᠃ | ᠳᠠᠷᠠᠭ᠎ᠠ ᠨᠢ ᠳᠠᠩᠰᠠᠯᠠᠨ ᠦᠨᠡᠮᠯᠡᠯ ᠣᠯᠭᠤᠨ᠎ᠠ᠃ | ︵ᠳᠥᠷᠪᠡ︶ ᠳᠠᠩᠰᠠᠯᠠᠨ ᠦᠨᠡᠮᠯᠡᠯ ᠣᠯᠭᠤᠬᠤ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠤᠨ ᠤ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠥᠯᠦ ᠬᠦᠳᠡᠯᠬᠦ ᠬᠥᠷᠦᠩᠭᠡ ᠶᠢᠨ ᠳᠠᠩᠰᠠ ᠶᠢ | ᠲᠠᠭᠯᠠᠬᠤ ᠪᠥᠭᠡᠳ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠣᠯᠭᠤᠨ᠎ᠠ᠃ | ᠳᠣᠯᠤᠭ᠎ᠠ᠂ ᠬᠤᠯᠪᠤᠭᠳᠠᠯ ᠪᠥᠬᠦᠢ ᠠᠰᠠᠭᠤᠳᠠᠯ ᠢ ᠰᠢᠢᠳᠪᠦᠷᠢᠯᠡᠬᠦ | ︵ᠨᠢᠭᠡ︶ ᠨᠣᠲᠠᠯᠠᠨ ᠲᠣᠭᠲᠠᠭᠠᠵᠤ ᠳᠠᠩᠰᠠᠯᠠᠬᠤ ᠴᠢᠬᠤᠯᠠ ᠨᠥᠬᠦᠴᠡᠯ | ⒈ᠨᠢᠭᠡ ᠡᠷᠦᠬᠡ ᠨᠢᠭᠡ ᠰᠠᠭᠤᠴᠠ᠂ ᠭᠡᠷ ᠪᠠᠶᠢᠰᠢᠩ ᠢ ᠵᠠᠯᠭᠠᠮᠵᠢᠯᠠᠭᠠᠳ ᠪᠦᠷᠢᠯᠳᠦᠭᠰᠡᠨ《 ᠨᠢᠭᠡ ᠡᠷᠦᠬᠡ | ᠣᠯᠠᠨ ᠰᠠᠭᠤᠴᠠ 》 ᠶᠢ ᠪᠠᠭᠲᠠᠭᠠᠬᠤ ᠦᠭᠡᠢ᠃ ᠲᠤᠬᠠᠢ ᠶᠢᠨ ᠭᠠᠵᠠᠷ ᠤᠨ ᠢᠶᠠᠨ ᠡᠷᠦᠬᠡ ᠰᠠᠯᠭᠠᠬᠤ ᠨᠥᠬᠦᠴᠡᠯ ᠳᠤ | ᠨᠡᠶᠢᠴᠡᠭᠰᠡᠨ ᠪᠣᠯᠪᠠᠴᠤ ᠡᠷᠦᠬᠡ ᠰᠠᠯᠭᠠᠭᠰᠠᠨ ᠦᠭᠡᠢ᠂ ᠭᠡᠪᠡᠴᠤ ᠵᠦᠪᠰᠢᠶᠡᠷᠡᠯ ᠦᠭᠡᠢ ᠪᠠᠷ ᠥᠭᠡᠷ᠎ᠡ ᠭᠠᠵᠠᠷ ᠭᠡᠷ | ᠪᠠᠶᠢᠰᠢᠩ ᠪᠠᠷᠢᠵᠤ ᠰᠠᠭᠤᠷᠢᠰᠢᠨ᠂ ᠰᠢᠨ᠎ᠡ ᠪᠠᠷ ᠪᠠᠷᠢᠭᠰᠠᠨ ᠭᠡᠷ ᠪᠠᠶᠢᠰᠢᠩ ᠨᠢ ᠣᠷᠤᠨ ᠰᠠᠭᠤᠴᠠ ᠶᠢ ᠡᠵᠡᠯᠡᠬᠦ | ᠲᠥᠯᠦᠪᠵᠢᠭᠦᠯᠭᠡ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠠᠴᠠ ᠵᠥᠪᠰᠢᠶᠡᠷᠡᠵᠦ᠂ ᠵᠠᠷᠯᠠᠯ ᠳᠤ ᠥᠭᠡᠷ᠎ᠡ ᠰᠠᠨᠠᠯ ᠦᠭᠡᠢ ᠪᠣᠯ᠂ ᠲᠣᠭᠲᠠᠭᠠᠯ ᠶᠣᠰᠤᠭᠠᠷ ᠭᠠᠵᠠᠷ | ᠬᠡᠷᠡᠭᠯᠡᠬᠦ ᠭᠠᠷ ᠭᠦᠢᠴᠡᠳᠬᠡᠯ ᠨᠥᠬᠦᠪᠦᠷᠢᠯᠡᠨ᠂ ᠬᠠᠤᠯᠢ ᠶᠣᠰᠤᠭᠠᠷ ᠨᠣᠲᠠᠯᠠᠨ ᠲᠣᠭᠲᠠᠭᠠᠵᠤ ᠳᠠᠩᠰᠠᠯᠠᠵᠤ ᠪᠣᠯᠤᠨ᠎ᠠ︔ | ⒉ᠭᠡᠷ ᠪᠠᠶᠢᠰᠢᠩ ᠪᠠᠷᠢᠬᠤ᠂ ᠭᠡᠷ ᠪᠠᠶᠢᠰᠢᠩ ᠬᠤᠳᠠᠯᠳᠤᠨ ᠠᠪᠬᠤ ᠦᠶᠡᠰ ᠲᠤᠰ ᠨᠡᠶᠢᠲᠡ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠥᠭᠡᠳ ᠣᠷᠤᠨ ᠰᠠᠭᠤᠴᠠ ᠶᠢᠨ ᠭᠠᠵᠠᠷ ᠡᠷᠡᠮᠵᠢᠯᠡᠬᠦ ᠨᠥᠬᠦᠴᠡᠯ ᠳᠤ | ᠨᠡᠶᠢᠴᠡᠬᠦ ᠪᠤᠶᠤ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠢᠰᠢ | ᠪᠣᠯᠪᠠᠴᠤ ᠣᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ᠂ ᠭᠸᠤᠯᠤᠭᠢ ᠶᠢᠨ ᠭᠠᠮᠰᠢᠭ ᠢ ᠰᠡᠷᠭᠡᠶᠢᠯᠡᠨ ᠵᠠᠰᠠᠬᠤ᠂ | ᠰᠢᠨ᠎ᠡ ᠬᠦᠳᠡᠭᠡ ᠲᠤᠰᠬᠤᠨ ᠤ ᠪᠥᠲᠦᠭᠡᠨ ᠪᠠᠶᠢᠭᠤᠯᠤᠯᠲᠠ᠂ ᠨᠡᠭᠦᠯᠭᠡᠨ ᠲᠥᠪᠬᠢᠨᠡᠭᠦᠯᠬᠦ ᠵᠡᠷᠭᠡ ᠠᠴᠠ ᠪᠣᠯᠵᠤ | ᠵᠠᠰᠠᠭ ᠤᠨ ᠣᠷᠳᠤᠨ ᠤ ᠨᠢᠭᠡᠳᠦᠯᠲᠠᠢ ᠲᠥᠯᠦᠪᠵᠢᠭᠦᠯᠭᠡ ᠪᠠ ᠵᠦᠪᠰᠢᠶᠡᠷᠡᠯ ᠢᠶᠠᠷ ᠣᠷᠤᠨ ᠰᠠᠭᠤᠴᠠ ᠶᠢᠨ ᠭᠠᠵᠠᠷ | ᠬᠡᠷᠡᠭᠯᠡᠭᠰᠡᠨ ᠪᠣᠯ᠂ ᠣᠣᠯ ᠤᠨ ᠣᠷᠤᠨ ᠰᠠᠭᠤᠴᠠ ᠶᠢᠨ ᠭᠠᠵᠠᠷ ᠠᠴᠠ ᠪᠠᠨ ᠤᠬᠤᠷᠢᠨ ᠭᠠᠷᠴᠤ ᠳᠠᠩᠰᠠ ᠠᠴᠠ | ᠬᠠᠰᠤᠭᠰᠠᠨ ᠤ ᠳᠠᠷᠠᠭ᠎ᠠ᠂ ᠰᠢᠨ᠎ᠡ ᠪᠠᠷ ᠪᠠᠷᠢᠭᠰᠠᠨ ᠭᠡᠷ ᠪᠠᠶᠢᠰᠢᠩ ᠤᠨ ᠡᠵᠡᠯᠡᠬᠦ ᠣᠷᠤᠨ ᠰᠠᠭᠤᠴᠠ ᠶᠢᠨ ᠭᠠᠵᠠᠷ ᠤᠨ | ᠬᠡᠷᠡᠭᠯᠡᠬᠦ ᠡᠷᠬᠡ ᠶᠢ ᠬᠠᠤᠯᠢ ᠶᠣᠰᠤᠭᠠᠷ ᠨᠤᠲᠠᠯᠠᠨ ᠲᠣᠭᠲᠠᠭᠠᠨ᠎ᠠ︔ | ⒊ ᠭᠡᠷ ᠪᠠᠶᠢᠰᠢᠩ ᠤᠨ ᠡᠵᠡᠯᠡᠬᠦ ᠭᠠᠵᠠᠷ ᠨᠢ 2016 ᠣᠨ ᠤ ᠭᠠᠵᠠᠷ ᠰᠢᠷᠤᠢ ᠶᠢᠨ ᠠᠰᠢᠭᠯᠠᠯᠲᠠ ᠶᠢᠨ | ᠣᠳᠤᠬᠢ ᠪᠠᠶᠢᠳᠠᠯ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠵᠠᠷᠴᠢᠮ ᠳᠡᠭᠡᠷ᠎ᠡ ᠪᠠᠨ | ᠲᠠᠷᠢᠶᠠᠯᠠᠩ ᠤᠨ ᠪᠤᠰᠤ ᠭᠠᠵᠠᠷ ᠪᠠᠷ ᠦᠵᠡᠨ᠎ᠡ ︵ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠬᠡᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠴᠠ ᠡᠮᠦᠨ᠎ᠡ ᠪᠠᠶᠢᠭᠰᠠᠨ ᠪᠣᠶᠤ ᠦᠨᠡᠮᠯᠡᠯ ᠣᠯᠭᠤᠭᠰᠠᠨ ᠣᠷᠤᠨ | ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠢ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠡᠣᠬᠡ ᠶᠢ | ᠬᠦᠨᠳᠦᠳᠬᠡᠬᠦ ᠵᠠᠷᠴᠢᠮ ᠢᠶᠠᠷ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠭᠦᠢᠴᠡᠳᠬᠡᠨ᠎ᠡ︶᠃ | ︵ ᠬᠤᠶᠠᠷ︶ ᠨᠣᠲᠠᠯᠠᠨ ᠲᠣᠭᠲᠠᠭᠠᠵᠤ ᠳᠠᠩᠰᠠᠯᠠᠬᠤ ᠦᠭᠡᠢ ᠪᠠᠶᠢᠳᠠᠯ᠃ | ⒈ᠭᠡᠷ ᠪᠠᠶᠢᠰᠢᠩ ᠢᠶᠠᠨ ᠬᠠᠤᠯᠢ ᠪᠣᠰᠤ ᠪᠠᠷ ᠬᠤᠳᠠᠯᠳᠤᠭᠰᠠᠨ ᠤ ᠳᠠᠷᠠᠭ᠎ᠠ ᠳᠠᠬᠢᠨ ᠪᠠᠷᠢᠭᠰᠠᠨ︔ | ⒉ᠭᠠᠵᠠᠷ ᠰᠢᠷᠤᠢ ᠶᠢ ᠲᠠᠲᠠᠪᠤᠷᠢᠯᠠᠬᠤ᠂ ᠭᠠᠵᠠᠷ ᠰᠢᠷᠤᠢ ᠶᠢᠨ ᠶᠡᠷᠦᠩᠬᠡᠢ ᠴᠡᠭᠴᠡᠯᠡᠨ ᠵᠠᠰᠠᠯᠲᠠ ᠵᠡᠷᠭᠡ | ᠰᠢᠯᠲᠠᠭᠠᠨ ᠠᠴᠠ ᠨᠤᠷᠠᠭᠠᠨ ︵ᠨᠡᠭᠦᠯᠭᠡᠵᠤ︶ ᠲᠥᠪᠬᠢᠨᠡᠭᠦᠯᠬᠦ ᠬᠠᠷᠠᠭᠠᠯᠵᠠᠯ ᠬᠦᠷᠲᠡᠭᠰᠡᠨ︔ | ⒊ᠡᠷᠬᠡ ᠶᠢᠨ ᠬᠠᠷᠢᠶᠠᠯᠠᠯ ᠳᠤ ᠮᠠᠷᠭᠤᠯᠳᠤᠭᠠᠨ ᠣᠷᠤᠰᠢᠵᠤ ᠬᠠᠷᠠᠬᠠᠨ ᠰᠢᠢᠳᠪᠦᠷᠢᠯᠡᠭᠡᠳᠦᠢ ᠪᠠᠶᠢᠬᠤ︔ | ⒋ᠭᠠᠵᠠᠷ ᠰᠢᠷᠤᠢ᠂ ᠲᠥᠯᠦᠪᠵᠢᠭᠦᠯᠭᠡ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠤᠷᠠᠭᠠᠨ | ᠪᠠᠭᠤᠯᠭᠠᠬᠤ ᠠᠯᠪᠠᠨ ᠪᠢᠴᠢᠭ ᠪᠠᠭᠤᠯᠭᠠᠭᠰᠠᠨ︔ | ⒌ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠭᠲᠠᠭᠠᠭᠰᠠᠨ ᠪᠣᠰᠤᠳ ᠪᠠᠶᠢᠳᠠᠯ︔ | ︵ᠭᠤᠷᠪᠠ︶ ᠲᠠᠯᠠᠪᠠᠢ ᠶᠢ ᠨᠤᠲᠠᠯᠠᠨ ᠲᠣᠭᠲᠠᠭᠠᠬᠤ | ᠲᠠᠯᠠᠪᠠᠢ ᠶᠢ ᠨᠤᠲᠠᠯᠠᠨ ᠲᠣᠭᠲᠠᠭᠠᠬᠤ ᠳᠤ《 ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠣᠲᠠᠯᠠᠨ | ᠲᠣᠭᠲᠠᠭᠠᠵᠤ ᠳᠠᠩᠰᠠᠯᠠᠬᠤ ᠳᠤ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠢ ᠬᠦᠬᠡᠬᠤᠲᠠ ᠶᠢᠨ | ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ》︵ᠬᠦᠬᠡᠬᠤᠲᠠ ᠵᠠᠰᠠᠭ | ᠲᠠᠷᠬᠠᠭᠠᠭᠰᠠᠨ〔2015〕41 ᠳ᠋ᠦ᠋ᠭᠡᠷ ᠲᠣᠭᠠᠲᠤ︶ ᠶᠢ ᠦᠨᠳᠦᠰᠦᠯᠡᠨ᠎ᠡ᠃ | ︵ᠳᠥᠷᠪᠡ︶ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢ ᠨᠤᠲᠠᠯᠠᠨ | ᠲᠣᠭᠲᠠᠭᠠᠬᠤ | ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠢ ᠲᠤᠰ ᠨᠡᠶᠢᠲᠡ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤᠲᠤᠷᠠᠬᠢ ᠭᠠᠵᠠᠷ ᠰᠢᠷᠤᠢ ᠶᠢ ᠳᠠᠭᠠᠭᠠᠴᠢᠯᠠᠬᠤ ᠡᠷᠬᠡ ᠪᠥᠬᠦᠢ᠂ | ᠲᠠᠷᠢᠶᠠᠯᠠᠩ ᠤᠨ ᠡᠭᠦᠷᠭᠡ ᠶᠢ ᠡᠭᠦᠷᠭᠡᠯᠡᠵᠤ ᠪᠣᠢ ᠪᠦᠷᠢᠯᠳᠦᠭᠦᠨ ᠪᠠᠶᠢᠬᠤ ᠶᠣᠰᠤᠲᠠᠢ᠂ ᠪᠣᠳᠠᠳᠠᠢ ᠪᠡᠶ᠎ᠡ ᠬᠡᠮ ᠢ ᠡᠷᠦᠬᠡ | ᠠᠮᠠ ᠶᠢᠨ ᠳᠡᠪᠲᠡᠷ ᠢ ᠦᠨᠳᠦᠰᠦᠯᠡᠨ ᠨᠣᠲᠠᠯᠠᠨ ᠲᠣᠭᠲᠠᠭᠠᠨ᠎ᠠ᠃ | ︵ᠲᠠᠪᠤ︶ ᠳᠠᠩᠰᠠᠯᠠᠨ ᠮᠠᠲ᠋ᠧᠷᠢᠶᠠᠯ ᠬᠠᠩᠭᠠᠬᠤ | 1999 ᠣᠨ ᠠᠴᠠ ᠡᠮᠦᠨᠡᠬᠢ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠥᠯᠦ ᠬᠦᠳᠡᠯᠬᠦ | ᠬᠥᠷᠦᠩᠭᠡ ᠶᠢᠨ ᠨᠢᠭᠡᠴᠢ ᠶᠢ ᠳᠠᠩᠰᠠᠯᠠᠬᠤ ᠳᠤ ᠳᠣᠣᠷᠠᠬᠢ ᠮᠠᠲ᠋ᠧᠷᠢᠶᠠᠯ ᠢ ᠬᠠᠩᠭᠠᠨ᠎ᠠ᠄《 ᠬᠦᠳᠡᠭᠡ ᠲᠤᠰᠬᠤᠨ ᠤ | ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ | ᠬᠠᠷᠢᠶᠠᠯᠠᠯ ᠤᠨ ᠢᠷᠡᠯᠲᠡ ᠶᠢᠨ ᠭᠡᠷᠡᠴᠢ》︵ᠡᠯ᠎ᠡ ᠬᠤᠰᠢᠭᠤ ᠰᠢᠶᠠᠨ ᠲᠣᠭᠤᠷᠢᠭ ᠦᠩᠭᠡᠷᠡᠭᠰᠡᠨ ᠳᠤ | ᠥᠪᠡᠷᠰᠡᠳ ᠢᠶᠠᠨ ᠡᠭᠦᠨ ᠲᠠᠢ ᠠᠳᠠᠯᠢᠪᠲᠤᠷ ᠬᠦᠰᠦᠨᠦᠭ ᠬᠢᠭᠰᠡᠨ ᠪᠠᠶᠢᠪᠠᠯ ᠮᠦᠨ ᠬᠦᠴᠦᠨ ᠲᠠᠢ︶᠂ ᠣᠷᠤᠨ | ᠰᠠᠭᠤᠴᠠ ᠶᠢᠨ ᠭᠠᠵᠠᠷ ᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠥᠶ᠎ᠡ ᠳᠤ ᠬᠡᠷᠡᠭᠯᠡᠬᠦ《 ᠣᠷᠤᠨ | ᠰᠠᠭᠤᠴᠠ ᠶᠢᠨ ᠭᠠᠵᠠᠷ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》 ︵ᠡᠮᠦᠨ᠎ᠡ ᠨᠢ ᠭᠠᠷ ᠤᠨ ᠦᠰᠦᠭ | ᠵᠢᠷᠤᠵᠤ ᠲᠠᠮᠠᠭ᠎ᠠ ᠳᠠᠷᠤᠭᠰᠠᠨ ᠦᠭᠡᠢ ᠪᠣᠯ ᠬᠠᠩᠭᠠᠬᠤ ᠴᠢᠬᠤᠯᠠ ᠦᠭᠡᠢ︶᠂ ᠡᠷᠬᠡ ᠶᠢᠨ ᠪᠠᠶᠢᠴᠠᠭᠠᠯᠲᠠ ᠶᠢᠨ | ᠮᠠᠲ᠋ᠧᠷᠢᠶᠠᠯ᠂ ᠡᠷᠦᠬᠡ ᠶᠢᠨ ᠡᠵᠡᠨ ᠵᠢᠴᠢ ᠬᠠᠨᠢ ᠨᠥᠬᠦᠷ ᠤᠨ ᠬᠢᠨᠢ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ | ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠯ ︵ᠤᠤᠯ ᠵᠦᠢᠯ ᠲᠠᠢ ᠨᠢ ᠬᠢᠨᠠᠨ ᠬᠠᠷᠭᠤᠭᠤᠯᠬᠤ︶ ᠵᠡᠷᠭᠡ᠃ | 1999 ᠣᠨ ᠠᠴᠠ ᠰᠡᠭᠦᠯᠡᠷᠬᠢ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠥᠯᠦ ᠬᠦᠳᠡᠯᠬᠦ | ᠬᠥᠷᠦᠩᠭᠡ ᠶᠢᠨ ᠨᠢᠭᠡᠴᠢ ᠶᠢ ᠳᠠᠩᠰᠠᠯᠠᠬᠤ ᠳᠤ ᠳᠤᠤᠷᠠᠬᠢ ᠮᠠᠲ᠋ᠧᠷᠢᠶᠠᠯ ᠢ ᠬᠠᠩᠭᠠᠨ᠎ᠠ᠄ ᠬᠦᠳᠡᠭᠡ ᠲᠤᠰᠬᠤᠨ ᠤ ᠣᠷᠤᠨ | ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢᠨ ᠬᠢᠨᠠᠨ | ᠵᠦᠪᠰᠢᠶᠡᠷᠡᠯ ᠤᠨ ᠮᠠᠲ᠋ᠧᠷᠢᠶᠠᠯ᠂ ᠡᠷᠬᠡ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠡᠷᠦᠬᠡ ᠶᠢᠨ ᠡᠵᠡᠨ ᠵᠢᠴᠢ ᠬᠠᠨᠢ | ᠨᠥᠬᠦᠷ ᠤᠨ ᠬᠢᠨᠢ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠯ | ︵ᠤᠤᠯ ᠵᠦᠢᠯ ᠲᠠᠢ ᠨᠢ ᠬᠢᠨᠠᠨ ᠬᠠᠷᠭᠤᠭᠤᠯᠬᠤ︶ ᠵᠡᠷᠭᠡ᠃ | ᠪᠣᠰᠤᠳ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠳᠤ《 ᠬᠦᠳᠡᠭᠡ ᠲᠤᠰᠬᠤᠨ ᠤ ᠣᠷᠤᠨ | ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠡᠷᠬᠡ ᠶᠢ ᠨᠣᠲᠠᠯᠠᠨ ᠲᠣᠭᠲᠠᠭᠠᠵᠤ ᠳᠠᠩᠰᠠᠯᠠᠬᠤ ᠳᠤ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠢ | ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ》︵ᠬᠦᠬᠡᠬᠤᠲᠠ ᠵᠠᠰᠠᠭ | ᠲᠠᠷᠬᠠᠭᠠᠭᠰᠠᠨ〔2015〕41 ᠳ᠋ᠦ᠋ᠭᠡᠷ ᠲᠣᠭᠠᠲᠤ︶ ᠶᠢ ᠦᠨᠳᠦᠰᠦᠯᠡᠨ᠎ᠡ᠃ | | |