ᠬᠦᠬᠡᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠬᠤ ᠬᠡᠷᠡᠭᠵᠢᠭᠦᠯᠬᠦ ᠲᠥᠰᠦᠯ ᠢ ᠳᠠᠷᠤᠮᠯᠠᠨ ᠲᠠᠷᠬᠠᠭᠠᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018/10/25
          ᠬᠥᠬᠡᠬᠤᠲᠠ ᠵᠠᠰᠠᠭ ᠠᠯᠪᠠᠨ ᠲᠠᠷᠬᠠᠭᠠᠭᠰᠠᠨ  ﹇2018﹈ 48 ᠳ᠋ᠤᠭᠠᠷ ᠲᠣᠭᠠᠲᠤ           2018 ᠣᠨ ᠤ 7 ᠳ᠋ᠤᠭᠠᠷ ᠰᠠᠷ᠎ᠠ ᠶᠢᠨ 20 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ᠂ ᠬᠤᠲᠠ ᠶᠢᠨ ᠬᠠᠮᠢᠶ᠎ᠠ ᠪᠥᠬᠦᠢ ᠰᠠᠯᠠᠭ᠎ᠠ ᠮᠦᠴᠢᠷ᠄      《ᠬᠦᠬᠡᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠬᠤ ᠬᠡᠷᠡᠭᠵᠢᠭᠦᠯᠬᠦ ᠲᠥᠰᠦᠯ》 ᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠵᠤ᠂ ᠡᠳᠦᠭᠡ ᠲᠠ ᠨᠠᠷ ᠲᠤ ᠳᠠᠷᠣᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠢ ᠬᠦᠬᠡᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠬᠤ ᠬᠡᠷᠡᠭᠵᠢᠭᠦᠯᠬᠦ ᠲᠥᠰᠦᠯ       《ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠨᠠᠮ ᠤᠨ ᠲᠥᠪ ᠬᠤᠷᠢᠶ᠎ᠠ   ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ》 ︵ᠲᠥᠪ ᠬᠤᠷᠢᠶ᠎ᠠ ᠲᠠᠷᠬᠠᠭᠠᠭᠰᠠᠨ〔2018〕1 ᠳ᠋ᠦ᠋ᠭᠡᠷ ᠲᠣᠭᠠᠲᠤ︶᠂《 ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠤᠯᠠᠮ ᠨᠢᠭᠡ ᠠᠯᠬᠤᠮ ᠲᠥᠷᠭᠡᠪᠴᠢᠯᠡᠨ ᠠᠬᠢᠭᠤᠯᠬᠤ ᠲᠤᠬᠠᠢ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ》 ︵ᠤᠯᠤᠰ ᠭᠠᠵᠠᠷ ᠡᠬᠢ ᠳᠠᠷᠣᠮᠠᠯᠯᠠᠨ ᠲᠠᠷᠬᠠᠭᠠᠭᠰᠠᠨ〔2016〕191 ᠳ᠋ᠦ᠋ᠭᠡᠷ ᠲᠣᠭᠠᠲᠤ︶ ᠶᠢ ᠦᠨᠳᠦᠰᠦᠯᠡᠨ᠂ ᠮᠠᠨ ᠤ ᠬᠤᠲᠠ ᠶᠢᠨ ᠬᠦᠳᠡᠭᠡ ᠲᠤᠰᠬᠤᠨ ᠤ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠯᠠᠪᠳᠠᠭᠤᠨ ᠠᠬᠢᠭᠤᠯᠵᠤ᠂ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠥᠯᠦᠭᠡ ᠲᠤᠰ ᠬᠡᠷᠡᠭᠵᠢᠭᠦᠯᠬᠦ ᠲᠥᠰᠦᠯ ᠢ ᠲᠤᠭᠲᠠᠭᠠᠪᠠ᠃ᠨᠢᠭᠡ᠂ ᠴᠢᠬᠤᠯᠠ ᠠᠴᠢ ᠬᠤᠯᠪᠤᠭᠳᠠᠯ      ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠥᠬᠦᠢ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠲᠥᠷᠭᠡᠪᠴᠢᠯᠡᠨ ᠠᠬᠢᠭᠤᠯᠬᠤ ᠪᠣᠯ ᠤᠯᠤᠰ ᠤᠨ《 ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ》 ᠪᠠᠶᠢᠯᠳᠤᠬᠤ ᠪᠣᠳᠤᠯᠭ᠎ᠠ ᠶᠢ ᠨᠠᠶᠢᠳᠠᠪᠤᠷᠢᠵᠢᠭᠤᠯᠬᠤ᠂ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠤᠨ《 ᠭᠤᠷᠪᠠᠨ ᠡᠷᠬᠡ ᠶᠢ ᠰᠠᠯᠭᠠᠬᠤ》 ᠶᠢ ᠰᠦᠪᠡᠭᠴᠢᠯᠡᠬᠦ ᠦᠮᠴᠢᠯᠡᠯ ᠤᠨ ᠡᠷᠬᠡ ᠶᠢᠨ ᠰᠠᠭᠤᠷᠢ ᠮᠦᠨ᠂ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠲᠠ ᠶᠢᠨ ᠰᠠᠭᠤᠷᠢ ᠠᠵᠢᠯ᠂ ᠮᠦᠨᠴᠦ ᠲᠠᠷᠢᠶᠠᠴᠢᠨ ᠤ ᠡᠳ᠋ ᠬᠦᠷᠦᠩᠭᠡ ᠶᠢᠨ ᠴᠢᠨᠠᠷᠲᠠᠢ ᠣᠷᠤᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠠᠪᠴᠠᠯ ᠪᠣᠯᠤᠨ᠎ᠠ᠃ ᠲᠠᠷᠢᠶᠠᠴᠢᠨ ᠤ ᠭᠡᠷ ᠪᠠᠶᠢᠰᠢᠩ ᠵᠡᠷᠭᠡ ᠭᠠᠵᠠᠷ ᠳᠡᠭᠡᠷᠡᠬᠢ ᠪᠠᠷᠢᠯᠭ᠎ᠠ  ᠂ ᠪᠠᠷᠢᠮᠠᠯ ᠢ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠤᠲᠠᠯᠠᠨ ᠲᠤᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠳᠤ ᠣᠷᠤᠭᠤᠯᠬᠤ ᠨᠢ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ᠂ ᠥᠯᠦ ᠬᠦᠳᠡᠯᠬᠦ ᠬᠥᠷᠦᠩᠭᠡ ᠶᠢ ᠳᠠᠩᠰᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠬᠤᠲᠠ ᠬᠦᠳᠡᠭᠡ ᠶᠢ ᠪᠥᠷᠬᠦᠭᠰᠡᠨ ᠭᠡᠷ ᠪᠠᠶᠢᠰᠢᠩ ᠭᠠᠵᠠᠷ ᠰᠢᠷᠤᠢ ᠶᠢᠨ ᠨᠢᠭᠡ ᠴᠣᠭᠴᠠᠵᠢᠭᠰᠠᠨ ᠥᠯᠦ ᠬᠦᠳᠡᠯᠬᠦ ᠬᠥᠷᠦᠩᠭᠡ ᠶᠢ ᠳᠠᠩᠰᠠᠯᠠᠬᠤ ᠰᠢᠰᠲ᠋ᠧᠮ ᠤᠨ ᠪᠦᠷᠢᠯᠳᠦᠬᠦ᠂ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠴᠢᠳᠠᠪᠤᠷᠢ ᠪᠠ ᠬᠢᠨᠠᠨ ᠬᠠᠮᠢᠶᠠᠷᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠰᠢᠭᠲᠠᠢ ᠶᠤᠮ᠃ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠪᠣᠯ ᠡᠨᠡᠬᠦ ᠠᠵᠢᠯ ᠤᠨ ᠬᠠᠷᠢᠭᠤᠴᠠᠯᠭ᠎ᠠ ᠶᠢᠨ ᠪᠡᠶᠡᠴᠢ ᠴᠣᠭᠴᠠ ᠪᠠᠶᠢᠵᠤ᠂ ᠬᠠᠷᠢᠶ᠎ᠠ ᠣᠷᠤᠨ ᠤ ᠪᠠᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ ᠪᠤᠳᠠᠲᠠᠢ ᠠᠵᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ ᠭᠦᠢᠴᠡᠳᠬᠡᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠲᠤᠰᠬᠤᠨ ︵ᠰᠠᠭᠤᠭᠠᠯᠢ ᠠᠷᠠᠳ ᠤᠨ ᠵᠥᠪᠯᠡᠯ︶ ᠤ ᠵᠥᠪᠯᠡᠯ ᠪᠠ ᠪᠣᠰᠤᠳ ᠬᠤᠯᠪᠤᠭᠳᠠᠯ ᠪᠥᠬᠦᠢ ᠰᠠᠯᠠᠭ᠎ᠠ ᠮᠦᠴᠢᠷ ᠠᠴᠠ ᠢᠳᠡᠪᠬᠢᠯᠡᠨ ᠬᠠᠮᠵᠢᠯᠴᠠᠨ᠎ᠠ᠃ ᠬᠤᠲᠠ ᠶᠢᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠥᠬᠦ ᠬᠤᠲᠠ ᠶᠢᠨ ᠬᠦᠳᠡᠭᠡ ᠲᠤᠰᠬᠤᠨ ᠤ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠳᠠᠩᠰᠠᠯᠠᠬᠤ ᠲᠤᠭ᠎ᠠ ᠪᠠᠷᠢᠮᠲᠠ ᠶᠢᠨ ᠬᠥᠮᠦᠷᠭᠡ ᠶᠢᠨ ᠪᠥᠲᠦᠭᠡᠨ ᠪᠠᠶᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠪᠥᠬᠦ ᠬᠤᠲᠠ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢᠨ ᠬᠡᠯᠪᠡᠷᠢ ᠶᠢ ᠬᠢᠨᠠᠨ ᠬᠠᠷᠭᠤᠭᠤᠯᠵᠤ᠂ ᠪᠠᠶᠢᠴᠠᠭᠠᠨ ᠰᠢᠯᠭᠠᠬᠤ ᠶᠢ ᠬᠠᠷᠢᠭᠤᠴᠠᠵᠤ᠂ ᠲᠤᠭ᠎ᠠ ᠪᠠᠷᠢᠮᠲᠠ ᠶᠢ ᠣᠨᠤᠪᠴᠢᠲᠠᠢ ᠪᠠᠷ ᠲᠡᠷᠡ ᠳᠠᠷᠤᠢ ᠳᠤ ᠨᠢ ᠤᠯᠤᠰ ᠤᠨ ᠳᠡᠰ ᠤᠨ ᠲᠠᠪᠴᠠᠩ ᠳᠤ ᠵᠠᠯᠭᠠᠨ ᠣᠷᠤᠭᠤᠯᠬᠤ ᠶᠢ ᠪᠠᠲᠤᠯᠠᠨ᠎ᠠ᠃ᠭᠤᠷᠪᠠ᠂ ᠬᠠᠷᠠᠯᠲᠠ ᠪᠠ ᠡᠭᠦᠷᠭᠡ ︵ᠨᠢᠭᠡ︶ ᠠᠵᠢᠯ ᠤᠨ ᠬᠠᠷᠠᠯᠲᠠ      ᠰᠢᠨ᠎ᠡ ᠬᠦᠳᠡᠭᠡ ᠲᠤᠰᠬᠤᠨ ᠤ ᠦᠨᠳᠦᠰᠦᠨ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠲᠠ᠂ ᠣᠷᠤᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠤᠶᠤ ᠦᠢᠯᠡᠳᠪᠦᠷᠢᠯᠡᠯ ᠤᠨ ᠦᠢᠯᠡᠴᠢᠯᠡᠭᠡᠨ ᠤ ᠪᠡᠯᠡᠳᠬᠡᠮᠵᠢ ᠶᠢ ᠦᠷᠭᠡᠳᠬᠡᠬᠦ ᠵᠡᠷᠭᠡ ᠰᠢᠯᠲᠠᠭᠠᠨ ᠠᠴᠠ ᠪᠣᠯᠵᠤ ᠣᠣᠯ ᠤᠨ ᠪᠠᠶᠢᠴᠠᠭᠠᠬᠤ ᠬᠦᠷᠢᠶ᠎ᠡ ᠬᠡᠪᠴᠢᠶ᠎ᠡ ᠵᠢᠴᠢ ᠳᠣᠲᠤᠭᠠᠳᠤ ᠶᠢᠨ ᠭᠠᠵᠠᠷ ᠰᠢᠷᠤᠢ ᠶᠢᠨ ᠠᠰᠢᠭᠯᠠᠯᠲᠠ ᠶᠢᠨ ᠣᠳᠤᠬᠢ ᠪᠠᠶᠢᠳᠠᠯ ᠪᠣᠶᠤ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢᠨ ᠬᠤᠪᠢᠷᠠᠯᠲᠠ ᠵᠢᠴᠢ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠳᠠᠩᠰᠠᠯᠠᠬᠤ ᠲᠤᠰᠬᠠᠢ ᠠᠵᠢᠯ ᠳᠣᠮᠳᠠ ᠭᠡᠷ ᠪᠠᠶᠢᠰᠢᠩ ᠤᠨ ᠪᠠᠶᠢᠴᠠᠭᠠᠯᠲᠠ ᠦᠷᠨᠢᠭᠦᠯᠦᠭᠰᠡᠨ ᠦᠭᠡᠢ ᠪᠣᠶᠤ ᠭᠡᠷ ᠪᠠᠶᠢᠰᠢᠩ ᠢ ᠪᠠᠶᠢᠴᠠᠭᠠᠭᠰᠠᠨ ᠦᠷ᠎ᠡ ᠳ᠋ᠦᠩ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠬᠤ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ ᠳᠠᠩᠰᠠᠯᠠᠨ ᠦᠨᠡᠮᠯᠡᠯ ᠣᠯᠭᠤᠬᠤ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ᠂ ᠣᠷᠤᠨ ᠰᠠᠭᠤᠴᠠ ᠶᠢᠨ ᠭᠠᠵᠠᠷ ᠵᠢᠴᠢ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ《 ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠬᠤ》ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠨᠥᠬᠦᠪᠦᠷᠢ ᠪᠠᠶᠢᠴᠠᠭᠠᠯᠲᠠ ᠪᠠ ᠳᠠᠩᠰᠠᠯᠠᠨ ᠦᠨᠡᠮᠯᠡᠯ ᠣᠯᠭᠤᠬᠤ ᠠᠵᠢᠯ ᠦᠷᠨᠢᠭᠦᠯᠵᠤ᠂ 2018 ᠣᠨ ᠤ 11 ᠰᠠᠷ᠎ᠠ ᠠᠴᠠ ᠡᠮᠦᠨ᠎ᠡ᠂ ᠪᠥᠬᠦ ᠬᠤᠲᠠ ᠶᠢᠨ ᠦᠨᠡᠮᠯᠡᠯ ᠣᠯᠭᠤᠬᠤ ᠨᠥᠬᠦᠴᠡᠯ ᠳᠤ ᠬᠦᠷᠦᠭᠰᠡᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠵᠢᠴᠢ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠤᠷᠠᠬᠢ ᠭᠡᠷ ᠪᠠᠶᠢᠰᠢᠩ᠂ ᠪᠠᠷᠢᠮᠠᠯ ᠵᠡᠷᠭᠡ ᠶᠢ ᠨᠢᠭᠡᠳᠦᠯᠲᠠᠢ ᠳᠠᠩᠰᠠᠯᠠᠵᠤ᠂ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠦᠨᠡᠮᠯᠡᠯ ᠣᠯᠭᠤᠭᠰᠠᠨ ᠪᠠᠶᠢᠬᠤ ᠶᠢ ᠪᠠᠲᠤᠯᠠᠬᠤ ᠬᠡᠷᠡᠭᠲᠡᠢ᠃ ᠦᠨᠡᠮᠯᠡᠯ ᠣᠯᠭᠤᠬᠤ ᠨᠥᠬᠦᠴᠡᠯ ᠳᠤ ᠨᠡᠶᠢᠴᠡᠬᠦ ᠦᠭᠡᠢ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ᠂ ᠭᠡᠪᠡᠴᠤ ᠳᠠᠩᠰᠠᠯᠠᠬᠤ ᠦᠭᠡᠢ᠃ ᠬᠤᠪᠢ ᠶᠢᠨ ᠭᠠᠵᠠᠷ ᠪᠠ ᠭᠡᠷ ᠪᠠᠶᠢᠰᠢᠩ ᠤᠨ ᠣᠷᠤᠨ ᠪᠠᠶᠢᠷᠢ᠂ ᠬᠡᠷᠡᠭᠴᠡᠭᠡ᠂ ᠲᠠᠯᠠᠪᠠᠢ᠂ ᠪᠣᠳᠠᠲᠠᠢ ᠬᠡᠷᠡᠭᠯᠡᠵᠦ ᠪᠠᠶᠢᠭ᠎ᠠ ᠬᠥᠮᠦᠨ ᠵᠢᠴᠢ ᠳᠠᠩᠰᠠᠯᠠᠭᠰᠠᠨ ᠦᠭᠡᠢ ᠶᠢᠨ ᠰᠢᠯᠲᠠᠭᠠᠨ ᠵᠡᠷᠭᠡ ᠦᠨᠳᠦᠰᠦᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ ᠪᠠᠶᠢᠴᠠᠭᠠᠯᠲᠠ ᠶᠢᠨ ᠲᠤᠭ᠎ᠠ ᠪᠠᠷᠢᠮᠲᠠ ᠵᠢᠴᠢ ᠮᠠᠲ᠋ᠧᠷᠢᠶᠠᠯ ᠢ ᠬᠤᠪᠢ ᠶᠢᠨ ᠭᠠᠵᠠᠷ ᠢᠶᠠᠷ ᠪᠠᠶᠢᠴᠠᠭᠠᠯᠲᠠ ᠶᠢᠨ ᠬᠦᠰᠦᠨᠦᠭ ᠲᠠᠭᠯᠠᠬᠤ ᠪᠥᠭᠡᠳ ᠪᠠᠶᠢᠴᠠᠭᠠᠯᠲᠠ ᠶᠢᠨ ᠳ᠋ᠡᠶᠢᠲ᠋ᠠ ᠬᠥᠮᠦᠷᠭᠡ ᠳᠤ ᠣᠷᠤᠭᠤᠯᠤᠨ᠎ᠠ᠃ ︵ᠬᠤᠶᠠᠷ︶ ᠪᠤᠳᠠᠲᠠᠢ ᠡᠭᠦᠷᠭᠡ      ⒈ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠬᠠᠷᠢᠶᠠᠯᠠᠯ ᠢ ᠪᠠᠶᠢᠴᠠᠭᠠᠨ᠎ᠠ᠃      ᠳᠣᠲᠤᠭᠠᠳᠤ ᠭᠠᠳᠠᠭᠠᠳᠤ ᠠᠴᠠ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠬᠦ ᠠᠷᠭ᠎ᠠ ᠶᠢ ᠬᠡᠷᠡᠭᠯᠡᠨ《 ᠭᠡᠷ ᠬᠥᠷᠦᠩᠭᠡ ᠭᠠᠵᠠᠷ ᠰᠢᠷᠤᠢ ᠶᠢ ᠨᠢᠭᠡ ᠴᠣᠭᠴᠠᠵᠢᠭᠤᠯᠬᠤ》 ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠬᠠᠷᠢᠶᠠᠯᠠᠯ ᠢ ᠨᠥᠬᠦᠪᠦᠷᠢᠯᠡᠨ ᠪᠠᠶᠢᠴᠠᠭᠠᠬᠤ ᠠᠵᠢᠯ ᠦᠷᠨᠢᠭᠦᠯᠵᠤ᠂ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢᠨ ᠡᠷᠬᠡ ᠶᠢᠨ ᠬᠠᠷᠢᠶᠠᠯᠠᠯ ᠲᠣᠳᠤᠷᠬᠠᠢ᠂ ᠵᠠᠭᠠᠭ ᠲᠣᠳᠤᠷᠬᠠᠢ᠂ ᠣᠷᠤᠨ ᠵᠠᠢ ᠶᠢᠨ ᠬᠠᠷᠢᠴᠠᠩᠭᠤᠢ ᠪᠠᠶᠢᠷᠢ ᠲᠣᠳᠤᠷᠬᠠᠢ ᠪᠠᠶᠢᠬᠤ ᠶᠢ ᠪᠠᠲᠤᠯᠠᠨ᠎ᠠ᠃      ⒉ᠥᠯᠦ ᠬᠦᠳᠡᠯᠬᠦ ᠬᠥᠷᠦᠩᠭᠡ ᠶᠢ ᠵᠠᠰᠠᠨ ᠨᠥᠬᠦᠪᠦᠷᠢᠯᠡᠨ ᠬᠡᠮᠵᠢᠨ᠎ᠡ᠃      ᠵᠠᠭᠠᠭ ᠬᠢᠵᠠᠭᠠᠷ ᠨᠢ ᠬᠤᠪᠢᠷᠠᠯᠲᠠ ᠭᠠᠷᠤᠭᠰᠠᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠣᠷᠤᠨ ᠰᠠᠭᠤᠴᠠ ᠶᠢᠨ ᠭᠠᠵᠠᠷ᠂ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠲᠡᠭᠦᠨ ᠤ ᠬᠡᠪᠴᠢᠶᠡᠨ ᠳᠣᠲᠤᠷᠠᠬᠢ ᠪᠠᠷᠢᠯᠭ᠎ᠠ ︵ᠪᠠᠷᠢᠮᠠᠯ︶ ᠶᠢᠨ ᠡᠷᠬᠡ ᠶᠢ ᠵᠠᠰᠠᠨ ᠨᠥᠬᠦᠪᠦᠷᠢᠯᠡᠨ ᠬᠡᠮᠵᠢᠬᠦ ᠠᠵᠢᠯ ᠥᠷᠨᠢᠭᠦᠯᠦᠨ᠎ᠡ᠃      ⒊ᠥᠯᠦ ᠬᠦᠳᠡᠯᠬᠦ ᠬᠥᠷᠦᠩᠭᠡ ᠶᠢᠨ ᠳ᠋ᠡᠶᠢᠲ᠋ᠠ ᠬᠥᠮᠦᠷᠭᠡ ᠶᠢ ᠰᠢᠨᠡᠳᠬᠡᠨ᠎ᠡ᠃      ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠪᠠ ᠵᠠᠰᠠᠨ ᠨᠥᠬᠦᠪᠦᠷᠢᠯᠡᠨ ᠬᠡᠮᠵᠢᠭᠰᠡᠨ ᠪᠠᠶᠢᠳᠠᠯ ᠢ ᠦᠨᠳᠦᠰᠦᠯᠡᠨ ᠬᠦᠳᠡᠭᠡ ᠲᠤᠰᠬᠤᠨ ᠤ ᠨᠡᠶᠢᠲᠡ ᠶᠢᠨ《 ᠭᠡᠷ ᠪᠠᠶᠢᠰᠢᠩ ᠭᠠᠵᠠᠷ ᠬᠥᠷᠦᠩᠭᠡ ᠶᠢ ᠨᠢᠭᠡ ᠴᠣᠭᠴᠠᠵᠢᠭᠤᠯᠬᠤ》ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠪᠠᠶᠢᠴᠠᠭᠠᠯᠲᠠ ᠶᠢᠨ ᠳ᠋ᠡᠶᠢᠲ᠋ᠠ ᠬᠥᠮᠦᠷᠭᠡ ᠶᠢ ᠰᠢᠨᠡᠳᠬᠡᠵᠤ᠂ ᠥᠯᠦ ᠬᠦᠳᠡᠯᠬᠦ ᠬᠥᠷᠦᠩᠭᠡ ᠶᠢ ᠳᠠᠩᠰᠠᠯᠠᠨ ᠦᠨᠡᠮᠯᠡᠯ ᠣᠯᠭᠤᠬᠤ ᠳ᠋ᠡᠶᠢᠲ᠋ᠠ ᠬᠥᠮᠦᠷᠭᠡ ᠶᠢ ᠲᠡᠭᠦᠯᠳᠡᠷᠵᠢᠭᠦᠯᠦᠨ᠎ᠡ᠃      4. ᠰᠢᠨ᠎ᠡ ᠪᠠᠷ ᠨᠡᠮᠡᠭᠳᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠨᠥᠬᠦᠪᠦᠷᠢᠯᠡᠨ ᠪᠠᠶᠢᠴᠠᠭᠠᠨ᠎ᠠ  ᠃      2014 ᠣᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠦᠨᠡᠮᠯᠡᠯ ᠣᠯᠭᠤᠬᠤ ᠲᠤᠰᠬᠠᠢ ᠠᠵᠢᠯ ᠳᠠᠭᠤᠰᠤᠭᠰᠠᠨ ᠠᠴᠠ ᠰᠡᠭᠦᠯᠡᠷ ᠰᠢᠨ᠎ᠡ ᠪᠠᠷ ᠨᠡᠮᠡᠭᠳᠡᠭᠰᠡᠨ ᠣᠷᠤᠨ ᠰᠠᠭᠤᠴᠠ ᠶᠢᠨ ᠭᠠᠵᠠᠷ᠂ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠨᠥᠬᠦᠪᠦᠷᠢ ᠪᠠᠶᠢᠴᠠᠭᠠᠯᠲᠠ ᠬᠢᠵᠤ᠂ ᠪᠥᠬᠦ ᠬᠤᠲᠠ ᠶᠢᠨ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠣᠳᠤᠬᠢ ᠪᠠᠶᠢᠳᠠᠯ ᠢ ᠪᠥᠬᠦ ᠲᠠᠯ᠎ᠠ ᠪᠠᠷ ᠣᠶᠢᠯᠭᠠᠵᠤ᠂ ᠭᠤᠷᠪᠠᠳᠤᠭᠠᠷ ᠣᠳᠠᠭᠠᠨ ᠤ ᠪᠥᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠳᠤ ᠰᠠᠭᠤᠷᠢ ᠲᠠᠯᠪᠢᠨ᠎ᠠ᠃ᠲᠥᠷᠪᠡ᠂ ᠠᠵᠢᠯ ᠤᠨ ᠲᠥᠯᠥᠪᠯᠡᠭᠡ        ︵ᠨᠢᠭᠡ︶ ᠪᠡᠯᠡᠳᠬᠡᠬᠦ ᠱᠠᠲᠤ ︵2018 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ︶      ᠠᠵᠢᠯ ᠤᠨ ᠲᠥᠰᠦᠯ ᠲᠣᠭᠲᠠᠭᠠᠬᠤ᠂ ᠠᠵᠢᠯ ᠤᠨ ᠲᠥᠯᠦᠪᠯᠡᠯᠭᠡ ᠵᠣᠬᠢᠶᠠᠬᠤ᠂ ᠵᠠᠷᠤᠳᠠᠯ ᠢ ᠵᠣᠬᠢᠴᠠᠭᠤᠯᠤᠨ ᠨᠠᠶᠢᠳᠠᠪᠤᠷᠢᠵᠢᠭᠤᠯᠬᠤ᠂ ᠮᠡᠷᠭᠡᠵᠢᠯ ᠢᠶᠠᠷ ᠳᠡᠮᠵᠢᠬᠦ ᠨᠢᠭᠡᠴᠡ ᠶᠢ ᠰᠤᠩᠭᠤᠬᠤ ᠵᠡᠷᠭᠡ ᠠᠵᠢᠯ ᠢ ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠲᠤᠰ ᠭᠠᠵᠠᠷ ᠤᠨ ᠢᠶᠠᠨ ᠬᠡᠪᠴᠢᠶᠡᠨ ᠠᠴᠠ ᠨᠢᠭᠡ ᠰᠢᠶᠠᠩ ︵ᠪᠠᠯᠭᠠᠰᠤ︶ ᠪᠤᠶᠤ ᠵᠠᠰᠠᠭ ᠵᠠᠬᠢᠷᠭᠠᠨ ᠤ ᠲᠤᠰᠬᠤᠨ ᠢ ᠰᠤᠩᠭᠤᠵᠤ᠂ ᠤᠯᠤᠰ ᠤᠨ ᠬᠠᠮᠢᠶ᠎ᠠ ᠪᠥᠬᠦᠢ ᠪᠠᠶᠢᠴᠠᠭᠠᠯᠲᠠ ᠶᠢᠨ ᠳᠦᠷᠢᠮ ᠲᠤᠭᠲᠠᠭᠠᠯ ᠪᠠ ᠪᠠᠷᠢᠮᠵᠢᠶ᠎ᠠ ᠶᠣᠰᠤᠭᠠᠷ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠤᠭᠴᠠᠵᠢᠭᠤᠯᠤᠨ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠲᠤᠷᠰᠢᠯᠲᠠ ᠶᠢᠨ ᠴᠡᠭ ᠪᠣᠯᠭᠠᠨ ᠬᠡᠷᠡᠭᠵᠢᠭᠦᠯᠦᠨ᠎ᠡ᠃       ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ︵2018 ᠣᠨ ᠤ 9 ᠰᠠᠷ᠎ᠠ - 2018 ᠣᠨ ᠤ 10 ᠰᠠᠷ᠎ᠠ︶      ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠨᠢᠭᠡᠳᠦᠯᠲᠠᠢ ᠲᠣᠬᠢᠷᠠᠭᠤᠯᠤᠯᠲᠠ ᠬᠢᠵᠤ᠂ ᠴᠠᠭ ᠢ ᠤᠬᠤᠷᠢᠭᠤᠯᠤᠨ ᠪᠣᠳᠤᠬᠤ᠂ ᠲᠣᠷᠰᠢᠯᠲᠠ ᠶᠢᠨ ᠴᠡᠭ ᠢ ᠤᠷᠢᠳ ᠢᠶᠠᠷ᠂ ᠠᠯᠬᠤᠮ ᠳᠠᠷᠠᠭ᠎ᠠ ᠲᠠᠢ ᠠᠬᠢᠭᠤᠯᠬᠤ ᠠᠷᠭ᠎ᠠ ᠪᠠᠷ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠥᠷᠨᠢᠭᠦᠯᠵᠤ᠂ 2018 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ ᠦᠨᠡᠮᠯᠡᠯ ᠣᠯᠭᠤᠬᠤ ᠨᠥᠬᠦᠴᠡᠯ ᠪᠦᠷᠢᠳᠦᠭᠰᠡᠨ ᠪᠠᠶᠢᠬᠤ ᠶᠢ ᠪᠠᠲᠤᠯᠠᠨ᠎ᠠ᠃       ︵ᠭᠤᠷᠪᠠ︶ ᠳᠠᠩᠰᠠᠯᠠᠨ ᠦᠨᠡᠮᠯᠡᠯ ᠣᠯᠭᠤᠬᠤ ᠱᠠᠲᠤ ︵2018  ᠣᠨ ᠤ10  ᠰᠠᠷ᠎ᠠ - 2018  ᠣᠨ ᠤ 11 ᠰᠠᠷ᠎ᠠ︶      ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠦᠨᠡᠮᠯᠡᠯ ᠣᠯᠭᠤᠵᠤ᠂ ᠥᠯᠦ ᠬᠦᠳᠡᠯᠬᠦ ᠬᠥᠷᠦᠩᠭᠡ ᠶᠢ ᠳᠠᠩᠰᠠᠯᠠᠬᠤ ᠳ᠋ᠡᠶᠢᠲ᠋ᠠ ᠬᠥᠮᠦᠷᠭᠡ ᠪᠠᠶᠢᠭᠤᠯᠤᠨ᠎ᠠ᠃ ᠲᠠᠪᠤ᠂ ᠪᠠᠲᠤᠯᠠᠭ᠎ᠠ ᠶᠢᠨ ᠠᠷᠭ᠎ᠠ ᠠᠪᠴᠠᠯ     ︵ᠨᠢᠭᠡ︶ ᠵᠠᠷᠤᠳᠠᠯ ᠤᠨ ᠪᠠᠲᠤᠯᠠᠭ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠬᠠᠮᠢᠶ᠎ᠠ ᠪᠥᠬᠦᠢ ᠳᠦᠷᠢᠮ ᠲᠣᠭᠲᠠᠭᠠᠯ ᠶᠣᠰᠤᠭᠠᠷ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ ᠳᠠᠩᠰᠠᠯᠠᠬᠤ ᠵᠡᠷᠭᠡ ᠠᠵᠢᠯ ᠲᠠᠢ ᠤᠶᠠᠯᠳᠤᠭᠤᠯᠤᠨ ᠲᠤᠰᠬᠠᠢ ᠠᠵᠢᠯ ᠤᠨ ᠵᠠᠷᠤᠳᠠᠯ ᠮᠥᠩᠭᠦ ᠶᠢ ᠨᠢᠭᠡᠳᠦᠯᠲᠠᠢ ᠲᠣᠬᠢᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠬᠦᠳᠡᠭᠡ ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠤᠭᠲᠠᠭᠠᠵᠤ ᠳᠠᠩᠰᠠᠯᠠᠨ ᠦᠨᠡᠮᠯᠡᠯ ᠣᠯᠭᠤᠬᠤ ᠬᠠᠮᠢᠶ᠎ᠠ ᠪᠥᠬᠦᠢ ᠰᠥᠢᠳᠬᠡᠯ ᠬᠤᠷᠢᠶᠠᠬᠤ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠠᠷᠢᠶᠠᠴᠢᠨ ᠪᠠ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠶᠠᠮᠠᠷᠴᠤ ᠰᠥᠢᠳᠬᠡᠯ ᠬᠤᠷᠢᠶᠠᠵᠤ ᠪᠣᠯᠬᠤ ᠦᠭᠡᠢ᠃       ︵ᠬᠤᠶᠠᠷ︶ ᠮᠡᠷᠭᠡᠵᠢᠯ ᠤᠨ ᠪᠠᠲᠤᠯᠠᠭ᠎ᠠ᠃ ᠬᠦᠳᠡᠭᠡ ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠪᠣᠯᠤᠨ ᠬᠦᠳᠡᠭᠡ ᠲᠤᠰᠬᠤᠨ ᠤ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠬᠤ ᠥᠯᠦ ᠬᠦᠳᠡᠯᠬᠦ ᠬᠥᠷᠦᠩᠭᠡ ᠶᠢ ᠨᠢᠭᠡᠳᠦᠯᠲᠠᠢ ᠳᠠᠩᠰᠠᠯᠠᠬᠤ ᠠᠵᠢᠯ ᠢ ᠪᠥᠲᠦᠮᠵᠢᠲᠠᠢ ᠵᠣᠯᠭᠠᠭᠤᠯᠬᠤ ᠶᠢ ᠪᠠᠲᠤᠯᠠᠬᠤ ᠶᠢᠨ ᠲᠥᠯᠦᠭᠡ᠂ ᠵᠠᠷᠴᠢᠮ ᠳᠡᠭᠡᠷ᠎ᠡ ᠪᠠᠨ ᠣᠣᠯ ᠤᠨ ᠬᠦᠳᠡᠭᠡ ᠲᠤᠰᠬᠤᠨ ᠤ ᠨᠡᠶᠢᠲᠡ ᠶᠢᠨ ᠭᠠᠵᠠᠷ ᠰᠢᠷᠤᠢ ᠶᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠬᠢᠵᠤ ᠪᠠᠶᠢᠭᠰᠠᠨ ᠮᠡᠷᠭᠡᠵᠢᠯ ᠤᠨ ᠨᠢᠭᠡᠴᠡ ᠠᠴᠠ ᠲᠤᠰ ᠠᠵᠢᠯ ᠢ ᠦᠷᠬᠦᠯᠵᠢᠯᠡᠨ ᠶᠠᠪᠤᠭᠳᠠᠭᠤᠯᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠤ ᠵᠦᠪᠰᠢᠶᠡᠷᠡᠯ ᠢ ᠣᠯᠤᠭᠰᠠᠨ ᠤ ᠳᠠᠷᠠᠭ᠎ᠠ᠂ ᠨᠥᠬᠦᠪᠦᠷᠢ ᠭᠡᠷ᠎ᠡ ᠲᠣᠭᠲᠠᠬᠤ︔ ᠡᠰᠡᠬᠦᠯ᠎ᠡ ᠥᠪᠡᠷ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠤᠨ ᠤ ᠬᠤᠳᠠᠯᠳᠤᠨ ᠠᠪᠬᠤ ᠬᠠᠮᠢᠶ᠎ᠠ ᠪᠥᠬᠦᠢ ᠱᠠᠭᠠᠷᠳᠠᠯᠭ᠎ᠠ ᠶᠤᠰᠤᠭᠠᠷ᠂ ᠮᠡᠷᠭᠡᠵᠢᠯ ᠤᠨ ᠨᠢᠭᠡᠴᠡ ᠶᠢ ᠰᠢᠨ᠎ᠡ ᠪᠠᠷ ᠰᠤᠩᠭᠤᠨ᠎ᠠ᠃      ︵ᠭᠤᠷᠪᠠ︶ ᠲᠥᠷᠦ ᠶᠢᠨ ᠪᠣᠳᠤᠯᠭ᠎ᠠ ᠶᠢᠨ ᠪᠠᠲᠤᠯᠠᠭ᠎ᠠ᠃  ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠬᠠᠮᠢᠶ᠎ᠠ ᠪᠥᠬᠦᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠢᠳᠡᠪᠬᠢᠲᠠᠢ ᠰᠢᠢᠳᠪᠦᠷᠢᠯᠡᠵᠦ᠂ ᠲᠤᠬᠠᠢ ᠶᠢᠨ ᠭᠠᠵᠠᠷ ᠤᠨ ᠲᠤᠰᠬᠤᠨ ᠪᠠᠯᠭᠠᠰᠤ ᠶᠢᠨ ᠲᠥᠯᠦᠪᠵᠢᠭᠦᠯᠭᠡ᠂ ᠪᠠᠷᠢᠯᠭ᠎ᠠ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠦᠨᠳᠦᠰᠦᠯᠡᠵᠤ᠂ ᠲᠤᠰ ᠭᠠᠵᠠᠷ ᠣᠷᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ᠰᠢᠢᠳᠪᠦᠷᠢᠯᠡᠬᠦ ᠰᠠᠨᠠᠯ ᠪᠠ ᠦᠨᠡᠯᠡᠨ ᠲᠣᠭᠲᠠᠭᠠᠬᠤ ᠪᠠᠷᠢᠮᠵᠢᠶ᠎ᠠ ᠲᠣᠭᠲᠠᠭᠠᠵᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠤᠭᠠᠷ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠦᠨᠡᠮᠯᠡᠯ ᠲᠠᠷᠬᠠᠭᠠᠨ᠎ᠠ᠃ ᠲᠡᠤᠬᠡᠨ ᠠᠴᠠ ᠪᠣᠢ ᠪᠣᠯᠤᠭᠰᠠᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠪᠣᠯᠪᠠᠴᠤ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠡᠷᠬᠡ ᠶᠢ ᠢᠯᠭᠠᠨ ᠲᠣᠭᠲᠠᠭᠠᠬᠤ ᠱᠣᠭᠤᠮ ᠶᠣᠰᠤᠭᠠᠷ ᠳᠠᠩᠰᠠᠯᠠᠨ ᠦᠨᠡᠮᠯᠡᠯ ᠣᠯᠭᠤᠨ᠎ᠠ︔ ᠣᠶᠢᠷ᠎ᠠ ᠶᠢᠨ ᠵᠢᠯ ᠳᠤ ᠪᠣᠯᠤᠭᠰᠠᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠭᠡᠪᠡᠴᠤ ᠲᠤᠬᠠᠢ ᠶᠢᠨ ᠭᠠᠵᠠᠷ ᠤᠨ ᠣᠷᠤᠨ ᠰᠠᠭᠤᠴᠠ ᠶᠢᠨ ᠭᠠᠵᠠᠷ ᠤᠨ ᠬᠢᠨᠠᠨ ᠵᠦᠪᠰᠢᠶᠡᠷᠡᠯ ᠪᠠ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠠᠴᠠ ᠵᠣᠬᠢᠶᠠᠨ ᠪᠠᠶᠢᠭᠤᠯᠵᠤ ᠲᠥᠪᠯᠡᠷᠡᠭᠦᠯᠦᠨ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠳᠠᠩᠰᠠᠯᠠᠨ ᠦᠨᠡᠮᠯᠡᠯ ᠣᠯᠭᠤᠨ᠎ᠠ᠃ ᠬᠠᠤᠯᠢ ᠳᠤ ᠨᠡᠶᠢᠴᠡᠬᠦ ᠦᠭᠡᠢ ᠣᠷᠤᠨ ᠰᠠᠭᠤᠴᠠ ᠶᠢᠨ ᠭᠠᠵᠠᠷ᠂ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠢᠴᠢ ᠭᠡᠷ ᠪᠠᠶᠢᠰᠢᠩ ᠢ ᠨᠢᠭᠡᠳᠦᠯᠲᠠᠢ ᠳᠠᠩᠰᠠᠯᠠᠬᠤ ᠪᠠᠷ ᠳᠠᠮᠵᠢᠨ ᠬᠠᠤᠯᠢᠵᠢᠭᠤᠯᠬᠤ ᠶᠢ ᠡᠷᠡᠰ ᠴᠠᠭᠠᠵᠠᠯᠠᠨ᠎ᠠ᠃ ᠪᠠᠭ᠎ᠠ ᠥᠮᠴᠢᠯᠡᠯᠲᠤ ᠭᠡᠷ ᠪᠠᠶᠢᠰᠢᠩ ᠳᠤ ᠥᠯᠦ ᠬᠦᠳᠡᠯᠬᠦ ᠬᠥᠷᠦᠩᠭᠡ ᠶᠢᠨ ᠳᠠᠩᠰᠠ ᠬᠢᠵᠤ ᠥᠭᠬᠦ ᠶᠢ ᠡᠷᠡᠰ ᠴᠠᠭᠠᠵᠠᠯᠠᠨ᠎ᠠ᠃ᠵᠢᠷᠭᠤᠭ᠎ᠠ᠂ ᠡᠷᠬᠡ ᠶᠢ ᠨᠣᠲᠠᠯᠠᠨ ᠲᠣᠭᠲᠠᠭᠠᠵᠤ ᠳᠠᠩᠰᠠᠯᠠᠬᠤ ᠶᠠᠪᠤᠴᠠ      ︵ᠨᠢᠭᠡ︶ ᠬᠦᠯᠢᠶᠡᠨ ᠠᠪᠴᠤ ᠰᠢᠢᠳᠪᠦᠷᠢᠯᠡᠬᠦ᠃ ᠡᠯ᠎ᠡ ᠬᠤᠰᠢᠭᠤ ᠰᠢᠶᠠᠨ ᠲᠣᠭᠤᠷᠢᠭ ᠨᠢ ᠬᠦᠴᠢᠷ ᠤᠨ ᠬᠡᠮᠵᠢᠶ᠎ᠡ ᠶᠣᠰᠤᠭᠠᠷ᠂ ᠲᠤᠰᠬᠤᠨ ᠳᠠᠷᠠᠭᠠᠯᠠᠨ ᠠᠬᠢᠭᠤᠯᠵᠤ᠂ ᠬᠡᠰᠡᠭ ᠬᠡᠰᠡᠭ ᠢᠶᠠᠷ ᠠᠬᠢᠭᠤᠯᠤᠨ᠎ᠠ᠃ ᠵᠠᠰᠠᠭ ᠵᠠᠬᠢᠷᠭᠠᠨ ᠤ ᠲᠤᠰᠬᠤᠨ ᠢᠶᠠᠷ ᠨᠢᠭᠡᠴᠢ ᠪᠤᠯᠭᠠᠵᠤ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠨ᠂ ᠪᠠᠶᠢᠴᠠᠭᠠᠯᠲᠠ ᠶᠢᠨ ᠬᠥᠮᠦᠷᠭᠡ ᠶᠢᠨ ᠮᠡᠳᠡᠭᠡ ᠵᠠᠩᠬᠢ ᠯᠤᠭ᠎ᠠ ᠬᠠᠷᠢᠴᠠᠭᠤᠯᠵᠤ᠂ ᠵᠠᠭᠠᠭ ᠬᠢᠵᠠᠭᠠᠷ ᠨᠢ ᠬᠤᠪᠢᠷᠠᠭᠰᠠᠨ ᠬᠤᠪᠢ ᠶᠢᠨ ᠭᠠᠵᠠᠷ ᠲᠤ ᠵᠠᠰᠠᠨ ᠨᠥᠬᠦᠪᠦᠷᠢᠯᠡᠨ ᠬᠡᠮᠵᠢᠬᠦ ᠠᠵᠢᠯ ᠥᠷᠨᠢᠭᠦᠯᠬᠦ ᠶᠢᠨ ᠬᠠᠮᠲᠤ ᠭᠡᠷ ᠪᠠᠶᠢᠰᠢᠩ ᠤᠨ ᠲᠠᠯᠠᠪᠠᠢ᠂ ᠪᠠᠷᠢᠭᠰᠠᠨ ᠴᠠᠭ᠂ ᠡᠷᠬᠡ ᠶᠢᠨ ᠬᠠᠷᠢᠶᠠᠯᠠᠯ ᠤᠨ ᠢᠷᠡᠯᠲᠡ᠂ ᠪᠥᠲᠦᠴᠡ ᠵᠡᠷᠭᠡ ᠦᠨᠳᠦᠰᠦᠨ ᠮᠡᠳᠡᠭᠡ ᠵᠠᠩᠬᠢ ᠶᠢ ᠨᠥᠬᠦᠪᠦᠷᠢᠯᠡᠨ ᠪᠠᠶᠢᠴᠠᠭᠠᠨ᠎ᠠ︔  ᠵᠠᠭᠠᠭ ᠬᠢᠵᠠᠭᠠᠷ ᠨᠢ ᠬᠤᠪᠢᠷᠠᠭᠰᠠᠨ ᠦᠭᠡᠢ ᠬᠤᠪᠢ ᠶᠢᠨ ᠭᠠᠵᠠᠷ ᠢ ᠰᠢᠨ᠎ᠡ ᠪᠠᠷ ᠬᠡᠮᠵᠢᠬᠦ ᠴᠢᠬᠤᠯᠠ ᠦᠭᠡᠢ᠂ ᠭᠡᠷ ᠪᠠᠶᠢᠰᠢᠩ ᠤᠨ ᠲᠠᠯᠠᠪᠠᠢ᠂ ᠪᠠᠷᠢᠭᠰᠠᠨ ᠴᠠᠭ᠂ ᠡᠷᠬᠡ ᠶᠢᠨ ᠬᠠᠷᠢᠶᠠᠯᠠᠯ ᠤᠨ ᠢᠷᠡᠯᠲᠡ᠂ ᠪᠥᠲᠦᠴᠡ ᠵᠡᠷᠭᠡ ᠦᠨᠳᠦᠰᠦᠨ ᠮᠡᠳᠡᠭᠡ ᠵᠠᠩᠬᠢ ᠶᠢ ᠨᠥᠬᠦᠪᠦᠷᠢᠯᠡᠵᠤ᠂ ᠠᠵᠢᠯ ᠤᠨ ᠳᠠᠩᠰᠠ ᠪᠠᠶᠢᠭᠤᠯᠵᠤ᠂ ᠦᠨᠳᠦᠰᠦᠨ ᠮᠠᠲ᠋ᠧᠷᠢᠶᠠᠯ  ᠪᠣᠯᠭᠠᠨ᠎ᠠ᠃      ︵ᠬᠤᠶᠠᠷ︶ ᠬᠢᠨᠠᠨ ᠬᠠᠷᠭᠤᠭᠤᠯᠬᠤ᠃ ᠪᠥᠬᠦᠶᠢᠯᠡ ᠭᠤᠶᠤᠴᠢᠯᠠᠭᠴᠢ ᠶᠢᠨ ᠦᠨᠳᠦᠰᠦᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠭᠤᠶᠤᠴᠢᠯᠠᠭᠴᠢ ᠨᠢ ᠲᠤᠰ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠡᠰᠡᠬᠦ᠂ ᠣᠷᠤᠨ ᠰᠠᠭᠤᠴᠠ ᠶᠢᠨ ᠭᠠᠵᠠᠷ ᠨᠢ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠡᠰᠡᠬᠦ᠂《 ᠨᠢᠭᠡ ᠡᠷᠦᠬᠡ ᠨᠢᠭᠡ ᠰᠠᠭᠤᠴᠠ》ᠡᠰᠡᠬᠦ᠂ ᠪᠠᠷᠢᠮᠵᠢᠶ᠎ᠠ ᠲᠠᠯᠠᠪᠠᠢ ᠠᠴᠠ ᠬᠡᠲᠦᠷᠡᠭᠰᠡᠨ ᠡᠰᠡᠬᠦ᠂ ᠭᠠᠵᠠᠷ ᠰᠢᠷᠤᠢ ᠪᠠ ᠭᠡᠷ ᠬᠥᠷᠦᠩᠭᠡ ᠶᠢᠨ ᠥᠮᠴᠢᠯᠡᠯ ᠤᠨ ᠡᠷᠬᠡ ᠶᠢᠨ ᠢᠷᠡᠯᠲᠡ ᠶᠢᠨ ᠲᠤᠬᠠᠢ ᠮᠠᠲ᠋ᠧᠷᠢᠶᠠᠯ ᠪᠠᠶᠢᠬᠤ ᠡᠰᠡᠬᠦ ᠵᠡᠷᠭᠡ ᠪᠠᠶᠢᠳᠠᠯ ᠢ ᠭᠤᠣᠯᠴᠢᠯᠠᠨ ᠬᠢᠨᠠᠨ ᠬᠠᠷᠭᠤᠭᠤᠯᠤᠨ᠎ᠠ᠃ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠡᠮᠬᠢᠯᠡᠵᠤ ᠭᠠᠷᠭᠠᠨ᠎ᠠ᠃1999 ᠣᠨ ᠠᠴᠠ ᠡᠮᠦᠨ᠎ᠡ ᠡᠵᠡᠯᠡᠭᠰᠡᠨ᠂ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ  ᠂《 ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》 ᠶᠢ ᠦᠨᠳᠦᠰᠦᠯᠡᠨ ᠨᠣᠲᠠᠯᠠᠨ ᠲᠣᠭᠲᠠᠭᠠᠵᠤ ᠳᠠᠩᠰᠠᠯᠠᠭᠰᠠᠨ ᠭᠠᠵᠠᠷ ᠤᠨ ᠡᠵᠡᠯᠡᠭᠰᠡᠨ ᠴᠠᠭ ᠢ ᠭᠤᠣᠯᠴᠢᠯᠠᠨ ᠬᠢᠨᠠᠨ ᠬᠠᠷᠭᠤᠭᠤᠯᠤᠨ᠎ᠠ᠃      ︵ᠭᠤᠷᠪᠠ︶ ᠡᠷᠬᠡ ᠶᠢᠨ ᠬᠠᠷᠢᠶᠠᠯᠠᠯ ᠢ ᠨᠡᠶᠢᠲᠡᠯᠡᠬᠦ ᠵᠢᠴᠢ ᠠᠩᠬᠠᠨ ᠤ ᠳᠠᠩᠰᠠᠯᠠᠯᠲᠠ ᠶᠢ ᠵᠠᠷᠯᠠᠬᠤ᠃ ᠭᠠᠷ ᠭᠦᠢᠴᠡᠳᠬᠡᠯ ᠢ ᠳᠥᠭᠦᠮᠴᠢᠯᠡᠵᠤ᠂ ᠲᠠᠷᠢᠶᠠᠴᠢᠳ ᠤᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠨ᠎ᠠ᠃ ᠲᠤᠰ ᠤᠳᠠᠭᠠᠨ ᠤ ᠣᠷᠤᠨ ᠰᠠᠭᠤᠴᠠ ᠶᠢᠨ ᠭᠠᠵᠠᠷ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠭᠡᠷ ᠪᠠᠶᠢᠰᠢᠩ ᠭᠠᠵᠠᠷ ᠰᠢᠷᠤᠢ ᠶᠢ ᠨᠢᠭᠡ ᠴᠣᠭᠴᠠᠵᠢᠭᠤᠯᠤᠨ ᠨᠣᠲᠠᠯᠠᠨ ᠲᠣᠭᠲᠠᠭᠠᠵᠤ ᠳᠠᠩᠰᠠᠯᠠᠬᠤ ᠠᠵᠢᠯ ᠤᠨ ᠳᠣᠮᠳᠠ᠂ 1999 ᠣᠨ ᠠᠴᠠ ᠡᠮᠦᠨ᠎ᠡ ᠡᠵᠡᠯᠡᠭᠰᠡᠨ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠨᠣᠲᠠᠯᠠᠯᠲᠠ᠂ ᠭᠡᠷ ᠪᠠᠶᠢᠰᠢᠩ ᠢ ᠪᠠᠷᠢᠵᠤ ᠳᠠᠭᠤᠰᠬᠠᠭᠰᠠᠨ ᠣᠨ ᠵᠢᠯ᠂ ᠳᠠᠩᠰᠠᠯᠠᠭᠰᠠᠨ ᠲᠠᠯᠠᠪᠠᠢ ᠶᠢᠨ ᠨᠣᠲᠠᠯᠠᠨ ᠲᠣᠭᠲᠠᠭᠠᠯᠲᠠ ᠶᠢ ᠲᠤᠰᠬᠤᠨ᠂ ᠰᠢᠶᠠᠩ ︵ᠪᠠᠯᠭᠠᠰᠤ︶ ᠬᠤᠶᠠᠷ ᠱᠠᠲᠤ ᠨᠣᠲᠠᠯᠠᠨ ᠲᠣᠭᠲᠠᠭᠠᠬᠤ ᠬᠡᠯᠪᠡᠷᠢ ᠪᠠᠷ ᠶᠠᠪᠤᠭᠳᠠᠭᠤᠯᠤᠨ᠎ᠠ ︵ᠳᠠᠭᠠᠯᠳᠤᠭᠤᠯᠤᠯ《 ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》 ᠶᠢ ᠦᠵᠡ︶᠃ ᠲᠤᠰ ᠬᠦᠰᠦᠨᠦᠭ ᠳᠡᠭᠡᠷ᠎ᠡ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ  ᠳᠠᠷᠠᠭ᠎ᠠ ᠲᠤᠰᠬᠤᠨ ᠳᠣᠲᠤᠷ᠎ᠠ ᠨᠡᠶᠢᠲᠡᠯᠡᠵᠤ᠂ ᠨᠡᠶᠢᠲᠡᠯᠡᠭᠰᠡᠨ ᠠᠴᠠ ᠰᠡᠭᠦᠯᠡᠷ 30 ᠡᠳᠤᠷ ᠤᠨ ᠳᠣᠲᠤᠷ᠎ᠠ ᠥᠭᠡᠷ᠎ᠡ ᠰᠠᠨᠠᠯ ᠭᠠᠷᠬᠤ ᠦᠭᠡᠢ ᠪᠣᠯ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ ᠪᠣᠯᠭᠠᠨ᠎ᠠ᠃      ᠳᠠᠩᠰᠠᠯᠠᠬᠤ ᠨᠥᠬᠦᠴᠡᠯ ᠳᠤ ᠨᠡᠶᠢᠴᠡᠭᠰᠡᠨ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢᠨ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠳᠣᠲᠤᠷ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠲᠣᠪᠴᠢᠶ᠎ᠠ ᠶᠢᠨ ᠠᠯᠪᠠᠨ ᠰᠦᠯᠵᠢᠶ᠎ᠡ ᠳᠡᠭᠡᠷ᠎ᠡ ᠨᠡᠶᠢᠲᠡᠯᠡᠨ᠎ᠡ᠃ ᠨᠡᠶᠢᠲᠡᠯᠡᠬᠦ ᠬᠤᠭᠤᠴᠠᠭ᠎ᠠ ᠨᠢ 15 ᠠᠵᠢᠯᠯᠠᠬᠤ ᠡᠳᠤᠷ ᠠᠴᠠ ᠪᠠᠭ᠎ᠠ ᠪᠠᠶᠢᠵᠤ ᠪᠣᠯᠬᠤ ᠦᠭᠡᠢ᠂ ᠨᠡᠶᠢᠲᠡᠯᠡᠬᠦ ᠬᠤᠭᠤᠴᠠᠭ᠎ᠠ ᠳᠠᠭᠤᠰᠴᠤ ᠥᠭᠡᠷ᠎ᠡ ᠰᠠᠨᠠᠯ ᠦᠭᠡᠢ ᠪᠣᠶᠤ ᠳᠤᠷᠠᠳᠤᠭᠰᠠᠨ ᠰᠠᠨᠠᠯ ᠨᠢ ᠵᠦᠢ ᠶᠣᠰᠤᠨ ᠳᠤ ᠨᠡᠶᠢᠴᠡᠬᠦ ᠦᠭᠡᠢ ᠪᠣᠯ ᠰᠢᠶᠠᠩ  ᠪᠠᠯᠭᠠᠰᠤ ᠪᠠᠷ ᠨᠢᠭᠡᠴᠢ ᠪᠣᠯᠭᠠᠨ ᠡᠷᠬᠡ ᠶᠢ ᠨᠣᠲᠠᠯᠠᠨ ᠲᠣᠭᠲᠠᠭᠠᠬᠤ ᠨᠡᠷᠡᠰ ᠤᠨ ᠪᠦᠷᠢᠳᠬᠡᠯ ᠬᠢᠬᠦ ᠴᠢᠬᠤᠯᠠᠲᠠᠢ ᠪᠠᠶᠢᠵᠤ᠂ ᠨᠡᠷᠡᠰ ᠤᠨ ᠪᠦᠷᠢᠳᠬᠡᠯ ᠳᠤ ᠪᠠᠨ ᠡᠷᠬᠡᠲᠤ ᠬᠦᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠪᠠᠶᠢᠷᠢᠰᠢᠯ᠂ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠤᠨ ᠲᠠᠯᠠᠪᠠᠢ᠂ ᠬᠡᠷᠡᠭᠴᠡᠭᠡ ᠵᠡᠷᠭᠡ ᠦᠨᠳᠦᠰᠦᠨ ᠮᠡᠳᠡᠭᠡ ᠵᠠᠩᠬᠢ ᠶᠢ ᠪᠠᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠳᠤ ᠮᠡᠳᠡᠭᠦᠯᠵᠤ ᠬᠢᠨᠠᠨ ᠲᠣᠭᠲᠠᠭᠠᠯᠭᠠᠨ᠎ᠠ᠃      1999 ᠣᠨ ᠠᠴᠠ ᠰᠡᠭᠦᠯᠡᠷ᠂ ᠬᠦᠳᠡᠭᠡ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠪᠦᠷᠢᠯᠳᠦᠭᠦᠨ ᠭᠡᠰᠢᠬᠦᠨ ᠬᠢᠨᠠᠨ ᠵᠦᠪᠰᠢᠶᠡᠷᠡᠭᠦᠯᠦᠭᠰᠡᠨ ᠦᠭᠡᠢ ᠪᠠᠷ ᠣᠷᠤᠨ ᠰᠠᠭᠤᠴᠠ ᠶᠢᠨ ᠭᠠᠵᠠᠷ ᠡᠵᠡᠯᠡᠭᠰᠡᠨ ᠪᠥᠭᠡᠳ ᠭᠡᠷ ᠪᠠᠶᠢᠰᠢᠩ ᠪᠠᠷᠢᠭᠰᠠᠨ ᠪᠠᠶᠢᠳᠠᠯ ᠳᠤ᠂ ᠲᠤᠬᠠᠢ ᠶᠢᠨ ᠭᠠᠵᠠᠷ ᠤᠨ ᠣᠷᠤᠨ ᠰᠠᠭᠤᠴᠠ ᠶᠢᠨ ᠭᠠᠵᠠᠷ ᠤᠨ ᠬᠢᠨᠠᠨ ᠵᠦᠪᠰᠢᠶᠡᠷᠡᠯ᠂ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢᠨ ᠨᠥᠬᠦᠴᠡᠯ ᠪᠠ ᠭᠠᠵᠠᠷ ᠰᠢᠷᠤᠢ ᠶᠢ ᠠᠰᠢᠭᠯᠠᠬᠤ ᠲᠥᠯᠦᠪᠵᠢᠭᠦᠯᠭᠡ ᠳᠤ ᠨᠡᠶᠢᠴᠡᠪᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠰᠢᠶᠠᠩ ᠪᠣᠶᠤ ᠲᠤᠰᠬᠤᠨ ᠢᠶᠠᠷ ᠨᠢᠭᠡᠴᠢ ᠪᠤᠯᠭᠠᠵᠤ᠂ ᠣᠷᠤᠨ ᠰᠠᠭᠤᠴᠠ ᠶᠢᠨ ᠭᠠᠵᠠᠷ ᠤᠨ ᠬᠡᠷᠡᠭᠯᠡᠯᠲᠡ ᠵᠢᠴᠢ ᠭᠠᠵᠠᠷ ᠳᠡᠭᠡᠷᠡᠬᠢ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢ ᠬᠢᠨᠠᠨ ᠵᠦᠪᠰᠢᠶᠡᠷᠡᠬᠦ ᠠᠵᠢᠯ ᠢ ᠲᠥᠪᠯᠡᠷᠡᠭᠦᠯᠦᠨ ᠶᠠᠪᠤᠭᠳᠠᠭᠤᠯᠤᠨ᠎ᠠ᠃ ᠳᠠᠷᠠᠭ᠎ᠠ ᠨᠢ ᠳᠠᠩᠰᠠᠯᠠᠨ ᠦᠨᠡᠮᠯᠡᠯ ᠣᠯᠭᠤᠨ᠎ᠠ᠃      ︵ᠳᠥᠷᠪᠡ︶ ᠳᠠᠩᠰᠠᠯᠠᠨ ᠦᠨᠡᠮᠯᠡᠯ ᠣᠯᠭᠤᠬᠤ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠤᠨ ᠤ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠥᠯᠦ ᠬᠦᠳᠡᠯᠬᠦ ᠬᠥᠷᠦᠩᠭᠡ ᠶᠢᠨ ᠳᠠᠩᠰᠠ ᠶᠢ ᠲᠠᠭᠯᠠᠬᠤ ᠪᠥᠭᠡᠳ ᠥᠯᠦ ᠬᠦᠳᠡᠯᠬᠦ ᠬᠥᠷᠦᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠣᠯᠭᠤᠨ᠎ᠠ᠃ ᠳᠣᠯᠤᠭ᠎ᠠ᠂ ᠬᠤᠯᠪᠤᠭᠳᠠᠯ ᠪᠥᠬᠦᠢ ᠠᠰᠠᠭᠤᠳᠠᠯ ᠢ ᠰᠢᠢᠳᠪᠦᠷᠢᠯᠡᠬᠦ       ︵ᠨᠢᠭᠡ︶ ᠨᠣᠲᠠᠯᠠᠨ ᠲᠣᠭᠲᠠᠭᠠᠵᠤ ᠳᠠᠩᠰᠠᠯᠠᠬᠤ ᠴᠢᠬᠤᠯᠠ ᠨᠥᠬᠦᠴᠡᠯ      ⒈ᠨᠢᠭᠡ ᠡᠷᠦᠬᠡ ᠨᠢᠭᠡ ᠰᠠᠭᠤᠴᠠ᠂ ᠭᠡᠷ ᠪᠠᠶᠢᠰᠢᠩ ᠢ ᠵᠠᠯᠭᠠᠮᠵᠢᠯᠠᠭᠠᠳ ᠪᠦᠷᠢᠯᠳᠦᠭᠰᠡᠨ《 ᠨᠢᠭᠡ ᠡᠷᠦᠬᠡ ᠣᠯᠠᠨ ᠰᠠᠭᠤᠴᠠ 》 ᠶᠢ ᠪᠠᠭᠲᠠᠭᠠᠬᠤ ᠦᠭᠡᠢ᠃ ᠲᠤᠬᠠᠢ ᠶᠢᠨ ᠭᠠᠵᠠᠷ ᠤᠨ ᠢᠶᠠᠨ ᠡᠷᠦᠬᠡ ᠰᠠᠯᠭᠠᠬᠤ ᠨᠥᠬᠦᠴᠡᠯ ᠳᠤ ᠨᠡᠶᠢᠴᠡᠭᠰᠡᠨ ᠪᠣᠯᠪᠠᠴᠤ ᠡᠷᠦᠬᠡ ᠰᠠᠯᠭᠠᠭᠰᠠᠨ ᠦᠭᠡᠢ᠂ ᠭᠡᠪᠡᠴᠤ ᠵᠦᠪᠰᠢᠶᠡᠷᠡᠯ ᠦᠭᠡᠢ ᠪᠠᠷ ᠥᠭᠡᠷ᠎ᠡ ᠭᠠᠵᠠᠷ ᠭᠡᠷ ᠪᠠᠶᠢᠰᠢᠩ ᠪᠠᠷᠢᠵᠤ ᠰᠠᠭᠤᠷᠢᠰᠢᠨ᠂ ᠰᠢᠨ᠎ᠡ ᠪᠠᠷ ᠪᠠᠷᠢᠭᠰᠠᠨ ᠭᠡᠷ ᠪᠠᠶᠢᠰᠢᠩ ᠨᠢ ᠣᠷᠤᠨ ᠰᠠᠭᠤᠴᠠ ᠶᠢ ᠡᠵᠡᠯᠡᠬᠦ ᠲᠥᠯᠦᠪᠵᠢᠭᠦᠯᠭᠡ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠵᠥᠪᠰᠢᠶᠡᠷᠡᠵᠦ᠂  ᠵᠠᠷᠯᠠᠯ ᠳᠤ ᠥᠭᠡᠷ᠎ᠡ ᠰᠠᠨᠠᠯ ᠦᠭᠡᠢ ᠪᠣᠯ᠂ ᠲᠣᠭᠲᠠᠭᠠᠯ ᠶᠣᠰᠤᠭᠠᠷ ᠭᠠᠵᠠᠷ ᠬᠡᠷᠡᠭᠯᠡᠬᠦ ᠭᠠᠷ ᠭᠦᠢᠴᠡᠳᠬᠡᠯ ᠨᠥᠬᠦᠪᠦᠷᠢᠯᠡᠨ᠂ ᠬᠠᠤᠯᠢ ᠶᠣᠰᠤᠭᠠᠷ ᠨᠣᠲᠠᠯᠠᠨ ᠲᠣᠭᠲᠠᠭᠠᠵᠤ ᠳᠠᠩᠰᠠᠯᠠᠵᠤ ᠪᠣᠯᠤᠨ᠎ᠠ︔ ⒉ᠭᠡᠷ ᠪᠠᠶᠢᠰᠢᠩ ᠪᠠᠷᠢᠬᠤ᠂ ᠭᠡᠷ ᠪᠠᠶᠢᠰᠢᠩ ᠬᠤᠳᠠᠯᠳᠤᠨ ᠠᠪᠬᠤ ᠦᠶᠡᠰ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠥᠭᠡᠳ ᠣᠷᠤᠨ ᠰᠠᠭᠤᠴᠠ ᠶᠢᠨ ᠭᠠᠵᠠᠷ ᠡᠷᠡᠮᠵᠢᠯᠡᠬᠦ ᠨᠥᠬᠦᠴᠡᠯ ᠳᠤ ᠨᠡᠶᠢᠴᠡᠬᠦ ᠪᠤᠶᠤ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠢᠰᠢ ᠪᠣᠯᠪᠠᠴᠤ ᠣᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ᠂ ᠭᠸᠤᠯᠤᠭᠢ ᠶᠢᠨ ᠭᠠᠮᠰᠢᠭ ᠢ ᠰᠡᠷᠭᠡᠶᠢᠯᠡᠨ ᠵᠠᠰᠠᠬᠤ᠂ ᠰᠢᠨ᠎ᠡ ᠬᠦᠳᠡᠭᠡ ᠲᠤᠰᠬᠤᠨ ᠤ ᠪᠥᠲᠦᠭᠡᠨ ᠪᠠᠶᠢᠭᠤᠯᠤᠯᠲᠠ᠂ ᠨᠡᠭᠦᠯᠭᠡᠨ ᠲᠥᠪᠬᠢᠨᠡᠭᠦᠯᠬᠦ ᠵᠡᠷᠭᠡ ᠠᠴᠠ ᠪᠣᠯᠵᠤ ᠵᠠᠰᠠᠭ ᠤᠨ ᠣᠷᠳᠤᠨ ᠤ ᠨᠢᠭᠡᠳᠦᠯᠲᠠᠢ ᠲᠥᠯᠦᠪᠵᠢᠭᠦᠯᠭᠡ ᠪᠠ ᠵᠦᠪᠰᠢᠶᠡᠷᠡᠯ ᠢᠶᠠᠷ ᠣᠷᠤᠨ ᠰᠠᠭᠤᠴᠠ ᠶᠢᠨ ᠭᠠᠵᠠᠷ ᠬᠡᠷᠡᠭᠯᠡᠭᠰᠡᠨ ᠪᠣᠯ᠂ ᠣᠣᠯ ᠤᠨ ᠣᠷᠤᠨ ᠰᠠᠭᠤᠴᠠ ᠶᠢᠨ ᠭᠠᠵᠠᠷ ᠠᠴᠠ ᠪᠠᠨ ᠤᠬᠤᠷᠢᠨ ᠭᠠᠷᠴᠤ ᠳᠠᠩᠰᠠ ᠠᠴᠠ ᠬᠠᠰᠤᠭᠰᠠᠨ ᠤ ᠳᠠᠷᠠᠭ᠎ᠠ᠂ ᠰᠢᠨ᠎ᠡ ᠪᠠᠷ ᠪᠠᠷᠢᠭᠰᠠᠨ ᠭᠡᠷ ᠪᠠᠶᠢᠰᠢᠩ ᠤᠨ ᠡᠵᠡᠯᠡᠬᠦ ᠣᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠬᠠᠤᠯᠢ ᠶᠣᠰᠤᠭᠠᠷ ᠨᠤᠲᠠᠯᠠᠨ ᠲᠣᠭᠲᠠᠭᠠᠨ᠎ᠠ︔      ⒊ ᠭᠡᠷ ᠪᠠᠶᠢᠰᠢᠩ ᠤᠨ ᠡᠵᠡᠯᠡᠬᠦ ᠭᠠᠵᠠᠷ ᠨᠢ 2016 ᠣᠨ ᠤ ᠭᠠᠵᠠᠷ ᠰᠢᠷᠤᠢ ᠶᠢᠨ ᠠᠰᠢᠭᠯᠠᠯᠲᠠ ᠶᠢᠨ ᠣᠳᠤᠬᠢ ᠪᠠᠶᠢᠳᠠᠯ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠵᠠᠷᠴᠢᠮ ᠳᠡᠭᠡᠷ᠎ᠡ ᠪᠠᠨ ᠲᠠᠷᠢᠶᠠᠯᠠᠩ ᠤᠨ ᠪᠤᠰᠤ ᠭᠠᠵᠠᠷ ᠪᠠᠷ ᠦᠵᠡᠨ᠎ᠡ ︵ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠴᠠ ᠡᠮᠦᠨ᠎ᠡ ᠪᠠᠶᠢᠭᠰᠠᠨ ᠪᠣᠶᠤ ᠦᠨᠡᠮᠯᠡᠯ ᠣᠯᠭᠤᠭᠰᠠᠨ ᠣᠷᠤᠨ ᠰᠠᠭᠤᠴᠠ ᠶᠢᠨ ᠭᠠᠵᠠᠷ ᠵᠢᠴᠢ ᠭᠡᠷ ᠪᠠᠶᠢᠰᠢᠩ ᠢ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠡᠣᠬᠡ ᠶᠢ ᠬᠦᠨᠳᠦᠳᠬᠡᠬᠦ ᠵᠠᠷᠴᠢᠮ ᠢᠶᠠᠷ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠭᠦᠢᠴᠡᠳᠬᠡᠨ᠎ᠡ︶᠃      ︵ ᠬᠤᠶᠠᠷ︶ ᠨᠣᠲᠠᠯᠠᠨ ᠲᠣᠭᠲᠠᠭᠠᠵᠤ ᠳᠠᠩᠰᠠᠯᠠᠬᠤ ᠦᠭᠡᠢ ᠪᠠᠶᠢᠳᠠᠯ᠃      ⒈ᠭᠡᠷ ᠪᠠᠶᠢᠰᠢᠩ ᠢᠶᠠᠨ ᠬᠠᠤᠯᠢ ᠪᠣᠰᠤ ᠪᠠᠷ ᠬᠤᠳᠠᠯᠳᠤᠭᠰᠠᠨ ᠤ ᠳᠠᠷᠠᠭ᠎ᠠ ᠳᠠᠬᠢᠨ ᠪᠠᠷᠢᠭᠰᠠᠨ︔      ⒉ᠭᠠᠵᠠᠷ ᠰᠢᠷᠤᠢ ᠶᠢ ᠲᠠᠲᠠᠪᠤᠷᠢᠯᠠᠬᠤ᠂ ᠭᠠᠵᠠᠷ ᠰᠢᠷᠤᠢ ᠶᠢᠨ ᠶᠡᠷᠦᠩᠬᠡᠢ ᠴᠡᠭᠴᠡᠯᠡᠨ ᠵᠠᠰᠠᠯᠲᠠ ᠵᠡᠷᠭᠡ ᠰᠢᠯᠲᠠᠭᠠᠨ ᠠᠴᠠ ᠨᠤᠷᠠᠭᠠᠨ ︵ᠨᠡᠭᠦᠯᠭᠡᠵᠤ︶ ᠲᠥᠪᠬᠢᠨᠡᠭᠦᠯᠬᠦ ᠬᠠᠷᠠᠭᠠᠯᠵᠠᠯ ᠬᠦᠷᠲᠡᠭᠰᠡᠨ︔      ⒊ᠡᠷᠬᠡ ᠶᠢᠨ ᠬᠠᠷᠢᠶᠠᠯᠠᠯ ᠳᠤ ᠮᠠᠷᠭᠤᠯᠳᠤᠭᠠᠨ ᠣᠷᠤᠰᠢᠵᠤ ᠬᠠᠷᠠᠬᠠᠨ ᠰᠢᠢᠳᠪᠦᠷᠢᠯᠡᠭᠡᠳᠦᠢ ᠪᠠᠶᠢᠬᠤ︔      ⒋ᠭᠠᠵᠠᠷ ᠰᠢᠷᠤᠢ᠂ ᠲᠥᠯᠦᠪᠵᠢᠭᠦᠯᠭᠡ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠤᠷᠠᠭᠠᠨ ᠪᠠᠭᠤᠯᠭᠠᠬᠤ ᠠᠯᠪᠠᠨ ᠪᠢᠴᠢᠭ ᠪᠠᠭᠤᠯᠭᠠᠭᠰᠠᠨ︔      ⒌ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠭᠲᠠᠭᠠᠭᠰᠠᠨ ᠪᠣᠰᠤᠳ ᠪᠠᠶᠢᠳᠠᠯ︔      ︵ᠭᠤᠷᠪᠠ︶ ᠲᠠᠯᠠᠪᠠᠢ ᠶᠢ ᠨᠤᠲᠠᠯᠠᠨ ᠲᠣᠭᠲᠠᠭᠠᠬᠤ      ᠲᠠᠯᠠᠪᠠᠢ ᠶᠢ ᠨᠤᠲᠠᠯᠠᠨ ᠲᠣᠭᠲᠠᠭᠠᠬᠤ ᠳᠤ《 ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠣᠲᠠᠯᠠᠨ ᠲᠣᠭᠲᠠᠭᠠᠵᠤ ᠳᠠᠩᠰᠠᠯᠠᠬᠤ ᠳᠤ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ》︵ᠬᠦᠬᠡᠬᠤᠲᠠ ᠵᠠᠰᠠᠭ ᠲᠠᠷᠬᠠᠭᠠᠭᠰᠠᠨ〔2015〕41 ᠳ᠋ᠦ᠋ᠭᠡᠷ ᠲᠣᠭᠠᠲᠤ︶ ᠶᠢ ᠦᠨᠳᠦᠰᠦᠯᠡᠨ᠎ᠡ᠃      ︵ᠳᠥᠷᠪᠡ︶ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢ ᠨᠤᠲᠠᠯᠠᠨ ᠲᠣᠭᠲᠠᠭᠠᠬᠤ      ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠨᠢ ᠲᠤᠰ ᠨᠡᠶᠢᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤᠲᠤᠷᠠᠬᠢ ᠭᠠᠵᠠᠷ ᠰᠢᠷᠤᠢ ᠶᠢ ᠳᠠᠭᠠᠭᠠᠴᠢᠯᠠᠬᠤ ᠡᠷᠬᠡ ᠪᠥᠬᠦᠢ᠂ ᠲᠠᠷᠢᠶᠠᠯᠠᠩ ᠤᠨ ᠡᠭᠦᠷᠭᠡ ᠶᠢ ᠡᠭᠦᠷᠭᠡᠯᠡᠵᠤ ᠪᠣᠢ ᠪᠦᠷᠢᠯᠳᠦᠭᠦᠨ ᠪᠠᠶᠢᠬᠤ ᠶᠣᠰᠤᠲᠠᠢ᠂ ᠪᠣᠳᠠᠳᠠᠢ ᠪᠡᠶ᠎ᠡ ᠬᠡᠮ ᠢ ᠡᠷᠦᠬᠡ ᠠᠮᠠ ᠶᠢᠨ ᠳᠡᠪᠲᠡᠷ ᠢ ᠦᠨᠳᠦᠰᠦᠯᠡᠨ ᠨᠣᠲᠠᠯᠠᠨ ᠲᠣᠭᠲᠠᠭᠠᠨ᠎ᠠ᠃      ︵ᠲᠠᠪᠤ︶ ᠳᠠᠩᠰᠠᠯᠠᠨ ᠮᠠᠲ᠋ᠧᠷᠢᠶᠠᠯ ᠬᠠᠩᠭᠠᠬᠤ      1999 ᠣᠨ ᠠᠴᠠ ᠡᠮᠦᠨᠡᠬᠢ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠳᠠᠩᠰᠠᠯᠠᠬᠤ ᠳᠤ ᠳᠣᠣᠷᠠᠬᠢ ᠮᠠᠲ᠋ᠧᠷᠢᠶᠠᠯ ᠢ ᠬᠠᠩᠭᠠᠨ᠎ᠠ᠄《 ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ  ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》︵ᠡᠯ᠎ᠡ ᠬᠤᠰᠢᠭᠤ ᠰᠢᠶᠠᠨ ᠲᠣᠭᠤᠷᠢᠭ ᠦᠩᠭᠡᠷᠡᠭᠰᠡᠨ ᠳᠤ ᠥᠪᠡᠷᠰᠡᠳ ᠢᠶᠠᠨ ᠡᠭᠦᠨ ᠲᠠᠢ ᠠᠳᠠᠯᠢᠪᠲᠤᠷ ᠬᠦᠰᠦᠨᠦᠭ ᠬᠢᠭᠰᠡᠨ ᠪᠠᠶᠢᠪᠠᠯ ᠮᠦᠨ ᠬᠦᠴᠦᠨ ᠲᠠᠢ︶᠂ ᠣᠷᠤᠨ ᠰᠠᠭᠤᠴᠠ ᠶᠢᠨ ᠭᠠᠵᠠᠷ ᠢ ᠨᠣᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠥᠶ᠎ᠡ ᠳᠤ ᠬᠡᠷᠡᠭᠯᠡᠬᠦ《 ᠣᠷᠤᠨ ᠰᠠᠭᠤᠴᠠ ᠶᠢᠨ ᠭᠠᠵᠠᠷ ᠤᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠭᠡᠷᠡᠴᠢ》 ︵ᠡᠮᠦᠨ᠎ᠡ ᠨᠢ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠦᠭᠡᠢ ᠪᠣᠯ ᠬᠠᠩᠭᠠᠬᠤ ᠴᠢᠬᠤᠯᠠ ᠦᠭᠡᠢ︶᠂ ᠡᠷᠬᠡ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠡᠷᠦᠬᠡ ᠶᠢᠨ ᠡᠵᠡᠨ ᠵᠢᠴᠢ ᠬᠠᠨᠢ ᠨᠥᠬᠦᠷ ᠤᠨ ᠬᠢᠨᠢ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠯ ︵ᠤᠤᠯ ᠵᠦᠢᠯ ᠲᠠᠢ ᠨᠢ ᠬᠢᠨᠠᠨ ᠬᠠᠷᠭᠤᠭᠤᠯᠬᠤ︶ ᠵᠡᠷᠭᠡ᠃      1999 ᠣᠨ ᠠᠴᠠ ᠰᠡᠭᠦᠯᠡᠷᠬᠢ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠦᠭᠡᠢ ᠥᠯᠦ ᠬᠦᠳᠡᠯᠬᠦ ᠬᠥᠷᠦᠩᠭᠡ ᠶᠢᠨ ᠨᠢᠭᠡᠴᠢ ᠶᠢ ᠳᠠᠩᠰᠠᠯᠠᠬᠤ ᠳᠤ ᠳᠤᠤᠷᠠᠬᠢ ᠮᠠᠲ᠋ᠧᠷᠢᠶᠠᠯ ᠢ ᠬᠠᠩᠭᠠᠨ᠎ᠠ᠄ ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠭᠡᠷ ᠪᠠᠶᠢᠰᠢᠩ ᠤᠨ ᠪᠥᠲᠦᠭᠡᠨ ᠪᠠᠶᠢᠭᠤᠯᠤᠯᠲᠠ ᠶᠢᠨ ᠬᠢᠨᠠᠨ ᠵᠦᠪᠰᠢᠶᠡᠷᠡᠯ ᠤᠨ ᠮᠠᠲ᠋ᠧᠷᠢᠶᠠᠯ᠂ ᠡᠷᠬᠡ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠡᠷᠦᠬᠡ ᠶᠢᠨ ᠡᠵᠡᠨ ᠵᠢᠴᠢ ᠬᠠᠨᠢ ᠨᠥᠬᠦᠷ ᠤᠨ ᠬᠢᠨᠢ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠯ ︵ᠤᠤᠯ ᠵᠦᠢᠯ ᠲᠠᠢ ᠨᠢ ᠬᠢᠨᠠᠨ ᠬᠠᠷᠭᠤᠭᠤᠯᠬᠤ︶ ᠵᠡᠷᠭᠡ᠃      ᠪᠣᠰᠤᠳ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠳᠤ《 ᠬᠦᠳᠡᠭᠡ ᠲᠤᠰᠬᠤᠨ ᠤ ᠣᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠪᠠ ᠨᠡᠶᠢᠲᠡ ᠶᠢᠨ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠣᠲᠠᠯᠠᠨ ᠲᠣᠭᠲᠠᠭᠠᠵᠤ ᠳᠠᠩᠰᠠᠯᠠᠬᠤ ᠳᠤ ᠦᠯᠡᠳᠡᠭᠳᠡᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ》︵ᠬᠦᠬᠡᠬᠤᠲᠠ ᠵᠠᠰᠠᠭ ᠲᠠᠷᠬᠠᠭᠠᠭᠰᠠᠨ〔2015〕41 ᠳ᠋ᠦ᠋ᠭᠡᠷ ᠲᠣᠭᠠᠲᠤ︶ ᠶᠢ ᠦᠨᠳᠦᠰᠦᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ