ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠵᠢᠩ ᠵᠢᠶᠦ᠋ᠨ ᠬᠠᠢ ᠨᠠᠷ ᠬᠤᠷᠢᠨᠭᠡᠷ ᠰᠢᠶᠠᠨ ᠳᠤ ᠭᠦᠨᠵᠡᠭᠡᠶᠢᠷᠡᠵᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-10-30
     10 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠮᠤᠵᠢ ᠶᠢᠨ ᠳᠠᠷᠤᠭ᠎ᠠ ᠵᠢᠩ ᠵᠢᠶᠦ᠋ᠨ ᠬᠠᠢ᠂ ᠳᠡᠳ᠋ ᠮᠤᠵᠢ ᠶᠢᠨ ᠳᠠᠷᠤᠭ᠎ᠠ ᠵᠣ᠋ ᠲᠢᠶᠠᠨ ᠱᠤ᠋ ᠵᠢᠴᠢ ᠮᠤᠵᠢ ᠶᠢᠨ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠮᠵᠢᠲᠣ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠮᠠᠨ ᠤ ᠰᠢᠶᠠᠨ ᠳᠤ ᠭᠦᠨᠵᠡᠭᠡᠶᠢᠷᠡᠵᠦ ᠪᠠᠶᠢᠴᠠᠭᠠᠨ ᠰᠣᠳᠣᠯᠣᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠠᠩ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠼᠣᠣ ᠰᠢᠶᠣᠣ ᠪᠢᠨ᠂ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠣ᠋᠂ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷ᠎ᠠ ᠪᠣᠯᠣᠨ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃      ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠳᠣᠮᠳᠠᠳᠣ ᠣᠯᠣᠰ ᠤᠨ ᠴᠠᠬᠢᠯᠭᠠᠨ ᠬᠤᠯᠪᠣᠭ᠎ᠠ ᠶᠢᠨ ᠡᠭᠦᠯᠡᠨ ᠪᠣᠳᠣᠯᠳᠠ ᠶᠢᠨ ᠥᠪᠥᠷ ᠮᠣᠩᠭᠤᠯ ᠳᠠᠬᠢ ᠰᠣᠷᠠᠭ ᠵᠠᠩᠭᠢ ᠶᠢᠨ ᠬᠦᠷᠢᠶᠡᠯᠡᠩ᠂ ᠥᠪᠥᠷ ᠮᠣᠩᠭᠤᠯ ᠤᠨ ᠮᠧᠩ ᠼᠣᠣ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢᠴᠠᠭᠠᠲᠣ ᠬᠠᠷᠢᠭᠤᠴᠠᠯᠭᠠᠲᠣ ᠺᠣᠮᠫᠠᠨᠢ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃ ᠡᠭᠦᠯᠡᠨ ᠪᠣᠳᠣᠯᠳᠠ ᠲᠣᠮᠣ ᠳ᠋ᠠᠶᠢᠲ᠋ᠠ ᠶᠢᠨ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠢ ᠣᠷᠣᠨ᠂ ᠬᠤᠲᠠ᠂ ᠰᠢᠶᠠᠨ ᠤ ᠣᠳᠣᠷᠢᠳᠣᠯᠭ᠎ᠠ ᠵᠢᠴᠢ ᠠᠵᠣ ᠠᠬᠤᠶᠢᠯᠠᠯ ᠤᠨ ᠬᠠᠷᠢᠭᠤᠴᠠᠯᠭᠠᠲᠠᠨ ᠯᠤᠭ᠎ᠠ ᠭᠦᠨᠵᠡᠭᠡᠢ ᠶᠠᠷᠢᠯᠴᠠᠨ ᠨᠠᠷᠢᠯᠢᠭ ᠣᠶᠢᠯᠠᠭᠠᠪᠠ᠃ ᠮᠧᠩ ᠼᠣᠣ ᠳᠠᠬᠢ ᠡᠪᠡᠰᠦ ᠴᠡᠴᠡᠭ ᠤᠨ ᠣᠷᠳᠣᠨ ᠳᠤ ᠠᠵᠣ ᠠᠬᠤᠶᠢᠯᠠᠯ ᠤᠨ ᠠᠮᠢ ᠠᠬᠤᠢ ᠶᠢᠨ ᠰᠡᠷᠭᠦᠭᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ᠂ ᠲᠤᠮᠤ ᠳ᠋ᠠᠶᠢᠲ᠋ᠠ ᠶᠢᠨ ᠬᠡᠷᠡᠭᠯᠡᠯᠲᠡ ᠵᠡᠷᠭᠡ ᠶᠢ ᠠᠰᠠᠭᠤᠨ ᠣᠶᠢᠯᠠᠭᠠᠵᠣ᠂ ᠮᠧᠩ ᠼᠤᠤ ᠪᠦᠯᠦᠭᠯᠡᠯ ᠤᠨ ᠲᠤᠮᠤ ᠳ᠋ᠠᠶᠢᠲ᠋ᠠ ᠶᠢ ᠠᠰᠢᠭᠯᠠᠵᠣ ᠠᠮᠢ ᠠᠬᠤᠢ ᠶᠢᠨ ᠣᠨᠣᠪᠴᠢᠲᠠᠢ ᠰᠡᠷᠭᠦᠯᠲᠡ ᠶᠢ ᠪᠡᠶᠡᠯᠡᠭᠦᠯᠦᠭᠰᠡᠨ ᠢ ᠭᠦᠢᠴᠡᠳ ᠨᠣᠲᠠᠯᠠᠵᠣ᠂ ᠠᠵᠣ ᠠᠬᠤᠶᠢᠯᠠᠯ ᠤᠨ ᠰᠣᠳᠣᠯᠣᠨ ᠨᠡᠭᠡᠭᠡᠬᠦ ᠬᠦᠴᠦᠯᠡᠴᠡ ᠪᠠᠨ ᠨᠡᠮᠡᠭᠳᠡᠭᠦᠯᠵᠦ᠂ ᠦᠷᠢᠰᠦᠯᠳᠦᠬᠦ ᠬᠦᠴᠦᠨ ᠢᠶᠠᠨ ᠲᠠᠰᠣᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠳᠤ ᠨᠡᠩ ᠶᠡᠭᠡ ᠦᠢᠯᠡᠳᠦᠯ ᠦᠵᠡᠭᠦᠯᠬᠦ ᠶᠢ ᠬᠦᠰᠡᠭᠰᠡᠨ ᠪᠠᠶᠢᠨ᠎ᠠ᠃      ᠰᠠᠭᠤᠳᠠᠯ ᠤᠨ ᠬᠤᠷᠠᠯ ᠳᠡᠭᠡᠷ᠎ᠡ᠂ ᠵᠢᠩ ᠵᠢᠶᠦ᠋ᠨ ᠬᠠᠢ ᠵᠢᠭᠠᠵᠣ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠣᠬᠠᠢ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠣᠨ᠂ ᠰᠢᠨᠵᠢᠯᠡᠬᠦ ᠣᠬᠠᠭᠠᠨ ᠬᠢᠭᠡᠳ ᠡᠶ᠎ᠡ ᠨᠠᠶᠢᠷᠲᠠᠢ ᠬᠦᠭᠵᠢᠯᠲᠡ ᠶᠢ ᠲᠦᠯᠬᠢᠨ ᠠᠬᠢᠭᠤᠯᠵᠣ᠂ ᠯᠣᠲᠤ ᠶᠡᠭᠡ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃ ᠡᠨᠡᠬᠦ ᠣᠳᠠᠭᠠᠨ ᠤ ᠭᠢᠷᠢᠨ ᠬᠢᠭᠡᠳ ᠥᠪᠥᠷ ᠮᠣᠩᠭᠤᠯ ᠤᠨ ᠭᠦᠨᠵᠡᠭᠡᠢ ᠬᠠᠮᠲᠤᠷᠠᠯᠴᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠣ ᠣᠷᠣᠨ ᠢ ᠬᠦᠭᠵᠢᠭᠦᠯᠦᠨ ᠮᠠᠨᠳᠣᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠦᠯᠬᠢᠨ ᠠᠬᠢᠭᠤᠯᠬᠤ ᠪᠠ ᠵᠡᠭᠦᠨ ᠬᠤᠶᠢᠲᠣ ᠶᠢᠨ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠠᠪᠴᠠᠯ ᠢ ᠨᠠᠶᠢᠳᠠᠪᠣᠷᠢᠵᠢᠭᠤᠯᠣᠭᠰᠠᠨ ᠶᠠᠪᠣᠳᠠᠯ ᠪᠣᠯᠣᠨ᠎ᠠ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号