ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-10-30
     10 ᠳ᠋ᠤᠭᠠᠷ ᠰᠠᠷ᠎ᠠ ᠶᠢᠨ19 ᠤ ᠡᠳᠤᠷ᠂ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠣ ᠸᠧᠨ ᠪᠢᠶᠣᠣ᠂ ᠳᠡᠳ᠋ ᠡᠷᠬᠢᠯᠡᠭᠴᠢ ᠭᠤᠣ ᠯᠠᠨ ᠭᠧᠨ᠂ ᠳ᠋ᠢ ᠭᠦᠸᠧ ᠰᠢᠶᠦᠩ᠂ ᠼᠣᠣ ᠰᠢᠣᠸᠢ ᠵᠢᠶᠦ᠋ᠨ᠂ ᠯᠢ ᠯᠦ ᠬᠤᠷᠠᠯ ᠳᠤ ᠣᠷᠤᠯᠴᠠᠵᠤ᠂ ᠳᠡᠳ᠋ ᠰᠢᠶᠠᠨ ᠤ ᠳᠠᠷᠤᠭ᠎ᠠ ᠴᠢᠶᠠᠨ ᠶᠠ ᠯᠢᠨ ᠬᠤᠷᠠᠯ ᠳᠤ ᠰᠤᠯᠠ ᠣᠷᠤᠯᠴᠠᠪᠠ᠃      ᠬᠤᠷᠠᠯ ᠠᠴᠠ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ《 ᠵᠠᠩ ᠰᠢᠨ ᠬᠤᠸᠠ ᠵᠡᠷᠭᠡ ᠲᠠᠪᠤᠨ ᠨᠥᠬᠦᠳ ᠤᠨ ᠪᠠᠶᠢᠴᠠᠭᠠᠭᠴᠢ ᠶᠢᠨ ᠲᠤᠰᠢᠶᠠᠯ ᠢ ᠳᠡᠪᠰᠢᠭᠦᠯᠵᠤ ᠤᠭᠴᠠᠷᠠᠭᠤᠯᠬᠤ ᠲᠤᠬᠠᠢ ᠲᠥᠰᠦᠯ》 ᠢ ᠪᠠᠲᠤᠯᠠᠪᠠ︔ ᠰᠢᠶᠠᠨ ᠤ ᠠᠷᠠᠳ ᠤᠨ ᠵᠠᠰᠠᠭ ᠤᠨ ᠣᠷᠤᠨ ᠤ 2017 ᠣᠨ ᠤ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠤᠨ ᠮᠡᠳᠡᠭᠦᠯᠦᠯᠲᠡ᠂ 2017 ᠣᠨ ᠤ ᠰᠢᠶᠠᠨ ᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠬᠡᠷᠡᠭᠵᠢᠭᠦᠯᠦᠯᠲᠡ ᠪᠠ ᠪᠣᠰᠤᠳ ᠡᠳ᠋ ᠤᠨ ᠶᠠᠪᠤᠳᠠᠯ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ  ᠪᠠᠶᠢᠳᠠᠯ ᠤᠨ ᠬᠢᠨᠠᠨ ᠪᠣᠳᠤᠯᠲᠠ ᠶᠢᠨ ᠮᠡᠳᠡᠭᠦᠯᠦᠯᠲᠡ᠂ ᠰᠢᠶᠠᠨ ᠤ ᠠᠷᠠᠳ ᠤᠨ ᠵᠠᠰᠠᠭ ᠤᠨ ᠣᠷᠳᠤᠨ ᠤ 2017 ᠣᠨ ᠤ ᠰᠢᠶᠠᠨ ᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠬᠡᠷᠡᠭᠵᠢᠭᠦᠯᠦᠯᠲᠡ ᠶᠢᠨ ᠪᠠᠶᠢᠳᠠᠯ ᠪᠠ ᠪᠣᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠤᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠤᠯᠲᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠠᠩᠬᠠᠨ ᠤ ᠬᠢᠨᠠᠯᠲᠠ ᠶᠢᠨ ᠰᠠᠨᠠᠯ ᠪᠠ 2017 ᠣᠨ ᠤ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠣᠨᠣᠰᠣᠭᠰᠠᠨ ᠪᠠ ᠬᠢᠨᠠᠨ ᠪᠠᠲᠤᠯᠠᠪᠠ︔2018 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠤᠨ ᠲᠤᠬᠠᠢ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠠᠷᠢᠭᠤ ᠮᠡᠳᠡᠭᠦᠯᠦᠯᠲᠡ᠂ 2018  ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠲᠤᠬᠠᠢ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠠᠩᠬᠠᠨ ᠤ ᠬᠢᠨᠠᠯᠲᠠ ᠶᠢᠨ ᠰᠠᠨᠠᠯ ᠢ ᠰᠣᠨᠤᠰᠤᠭᠰᠠᠨ ᠪᠠ ᠬᠢᠨᠠᠨ ᠪᠠᠲᠤᠯᠠᠪᠠ︔2018 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠶᠢᠨ ᠪᠠᠶᠢᠳᠠᠯ ᠤᠨ ᠲᠤᠬᠠᠢ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠠᠷᠢᠭᠤ ᠮᠡᠳᠡᠭᠦᠯᠦᠯᠲᠡ᠂ 2018 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠤᠨ ᠬᠡᠷᠡᠭᠵᠢᠭᠦᠯᠦᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠲᠤᠬᠠᠢ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠠᠩᠬᠠᠨ ᠤ ᠬᠢᠨᠠᠯᠲᠠ ᠶᠢᠨ ᠰᠠᠨᠠᠯ ᠢ ᠰᠣᠨᠤᠰᠤᠭᠰᠠᠨ ᠪᠠ ᠬᠢᠨᠠᠨ ᠪᠠᠲᠤᠯᠠᠪᠠ᠃      ᠰᠢᠶᠠᠨ ᠤ ᠬᠢᠨᠠᠨ ᠪᠠᠶᠢᠴᠠᠭᠠᠬᠤ ᠵᠦᠪᠯᠡᠯ᠂ ᠰᠢᠶᠠᠨ ᠤ ᠠᠷᠠᠳ ᠤᠨ ᠰᠢᠭᠦᠬᠦ ᠬᠤᠷᠢᠶ᠎ᠠ ᠠᠷᠠᠳ ᠤᠨ ᠪᠠᠶᠢᠴᠠᠭᠠᠬᠤ ᠬᠤᠷᠢᠶ᠎ᠠ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ᠂ ᠬᠢᠨᠠᠨ ᠪᠣᠳᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号