ᠰᠢᠨᠬᠤᠧᠠ ᠮᠣᠩᠭᠤᠯ ᠨᠧᠲ ᠬᠦᠬᠡᠬᠤᠲᠠ ᠶᠢᠨ 10 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ︵ | ᠬ᠊ · ᠦᠵᠡᠰᠬᠦᠯᠡᠩ︶ ᠬᠤᠶᠠᠲᠤᠭᠠᠷ ᠤᠲᠠᠭᠠᠨ ᠤ ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ | ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ 10 ᠰᠠᠷ᠎ᠠ ᠶᠢᠨ 28 ᠤ ᠡᠲᠦᠷ ᠦᠪᠦᠷ ᠮᠣᠩᠭᠤᠯ ᠤᠨ ᠶᠡᠭᠡ | ᠰᠤᠷᠭᠠᠭᠤᠯᠢ ᠳᠤ ᠪᠤᠯᠪᠠ᠃ ᠤᠭ ᠬᠤᠷᠠᠯ ᠤᠨ ᠦᠶ᠎ᠡ ᠪᠠᠷ ᠪᠡᠭᠡᠵᠢᠩ᠂ ᠭᠠᠨᠰᠦ᠂ ᠰᠢᠨᠵᠢᠶᠠᠩ ᠵᠡᠷᠭᠡ ᠭᠠᠵᠠᠷ | ᠤᠷᠤᠨ ᠤ ᠡᠷᠲᠡᠮᠲᠠᠨ ᠰᠤᠲᠤᠯᠤᠭᠠᠴᠢᠳ ᠤᠷᠤᠯᠴᠠᠭᠰᠠᠨ ᠠᠴᠠ ᠭᠠᠲᠠᠨ᠎ᠠ ᠦᠪᠦᠷ ᠮᠣᠩᠭᠤᠯ ᠤᠨ ᠶᠡᠭᠡ ᠰᠤᠷᠭᠠᠭᠤᠯᠢ᠂ | ᠦᠪᠦᠷ ᠮᠣᠩᠭᠤᠯ ᠤᠨ ᠪᠠᠭᠰᠢ ᠶᠡᠭᠡ ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ | ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠠᠩ ᠦᠢᠯᠡ ᠱᠠᠰᠢᠨ ᠤ ᠰᠤᠶᠤᠯ ᠤᠨ ᠰᠤᠲᠤᠯᠤᠭᠠᠴᠢ᠂ | ᠲᠦᠩᠯᠢᠶᠤᠤ᠂ ᠤᠯᠠᠭᠠᠨᠬᠠᠲᠠ᠂ ᠠᠯᠠᠱᠠ ᠵᠡᠷᠭᠡ ᠭᠠᠵᠠᠷ ᠤᠷᠤᠨ ᠤ ᠡᠷᠲᠡᠮᠲᠡᠳ ᠴᠤ ᠤᠷᠤᠯᠴᠠᠭᠰᠠᠨ ᠪᠠᠶᠢᠨ᠎ᠠ᠃ | | ᠲᠤᠰ ᠤᠲᠠᠭᠠᠨ ᠤ ᠬᠤᠷᠠᠯ ᠤᠨ ᠭᠤᠤᠯ ᠰᠡᠳᠦᠪ ᠨᠢ ᠮᠣᠩᠭᠤᠯ ᠵᠠᠩ ᠦᠢᠯᠡ ᠰᠤᠶᠤᠯ ᠪᠠ ᠱᠠᠰᠢᠨ | ᠰᠤᠷᠲᠠᠬᠤᠨ ᠤ ᠰᠤᠶᠤᠯ ᠤᠨ ᠬᠤᠶᠠᠷ ᠶᠡᠭᠡ ᠬᠦᠷᠢᠶ᠎ᠠ ᠶᠢ ᠬᠠᠮᠤᠷᠴᠤ ᠪᠠᠶᠢᠨ᠎ᠠ᠃ ᠡᠨᠡ ᠨᠢ ᠮᠣᠩᠭᠤᠯ ᠰᠤᠲᠤᠯᠤᠯ ᠤᠨ | ᠰᠢᠨᠵᠢᠯᠡᠭᠡᠨ ᠤ ᠭᠤᠤᠯ ᠰᠡᠳᠦᠪ ᠤᠳ ᠪᠤᠯᠬᠤ ᠪᠦᠭᠡᠳ ᠮᠣᠩᠭᠤᠯ ᠰᠤᠲᠤᠯᠤᠯ ᠤᠨ ᠬᠦᠷᠢᠶ᠎ᠡ ᠦᠷᠭᠡᠵᠢᠨ ᠲᠡᠯᠡᠭᠰᠡᠨ ᠢ | ᠬᠠᠷᠠᠭᠤᠯᠵᠤ ᠪᠠᠶᠢᠨ᠎ᠠ᠃ ᠮᠣᠩᠭᠤᠯ ᠵᠠᠩ ᠦᠢᠯᠡ ᠶᠢᠨ ᠬᠡᠪᠴᠢᠶᠠᠨ ᠳᠤ ᠵᠠᠩ ᠦᠢᠯᠡ ᠵᠦᠢ᠂ ᠠᠮᠠᠨ ᠵᠤᠬᠢᠶᠠᠯ ᠪᠤᠯᠤᠨ | ᠪᠠᠶᠠᠲᠤ ᠪᠤᠰᠤ ᠰᠤᠶᠤᠯ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ᠂ ᠮᠣᠩᠭᠤᠯ ᠦᠨᠳᠦᠰᠦᠲᠡᠨ ᠤ | ᠨᠡᠬᠦᠲᠡᠯ ᠰᠤᠶᠤᠯ ᠪᠠ ᠲᠠᠷᠢᠶᠠᠯᠠᠩ ᠰᠤᠶᠤᠯ ᠭᠡᠬᠦ ᠮᠡᠲᠦ ᠠᠰᠠᠭᠤᠲᠠᠯ ᠤᠳ ᠢ ᠪᠠᠭᠲᠠᠭᠠᠵᠤ ᠪᠤᠢ᠃ ᠮᠣᠩᠭᠤᠯ | ᠱᠠᠰᠢᠨ ᠤ ᠰᠤᠶᠤᠯ ᠤᠨ ᠬᠦᠷᠢᠶᠡᠨ ᠳᠤ ᠮᠠᠷᠺᠰ ᠤᠨ ᠦᠵᠡᠯ ᠤᠨ ᠱᠠᠰᠢᠨ ᠤ ᠤᠨᠤᠯ ᠪᠤᠯᠤᠨ ᠨᠠᠮ ᠤᠨ ᠱᠠᠰᠢᠨ ᠤ | ᠲᠦᠷᠦ ᠶᠢᠨ ᠪᠤᠲᠤᠯᠭ᠎ᠠ᠂ ᠮᠣᠩᠭᠤᠯ ᠦᠨᠳᠦᠰᠦᠲᠡᠨ ᠤ ᠱᠠᠰᠢᠨ ᠤ ᠰᠤᠷᠪᠤᠯᠵᠢ ᠪᠢᠴᠢᠭ ᠪᠤᠯᠤᠨ ᠠᠷᠠᠳ ᠤᠨ | ᠰᠢᠲᠦᠯᠭᠡ ᠶᠢᠨ ᠰᠤᠲᠤᠯᠤᠯ ᠵᠡᠷᠭᠡ ᠠᠰᠠᠭᠤᠲᠠᠯ ᠢ ᠪᠠᠭᠲᠠᠭᠠᠭᠰᠠᠨ ᠪᠠᠶᠢᠨ᠎ᠠ ᠭᠡᠵᠦ ᠦᠪᠦᠷ ᠮᠣᠩᠭᠤᠯ ᠤᠨ ᠵᠠᠩ | ᠦᠢᠯᠡ ᠶᠢᠨ ᠨᠡᠶᠢᠭᠡᠮᠯᠢᠭ ᠤᠨ ᠲᠠᠷᠤᠭ᠎ᠠ᠂ ᠫᠷᠤᠹᠧᠰᠰᠤᠷ ᠵᠠᠭᠠᠷ ᠲᠠᠨᠢᠯᠴᠠᠭᠤᠯᠪᠠ᠃ | ᠮᠣᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠬᠤᠶᠡᠳᠡᠬᠢ ᠤᠲᠠᠭ᠎ᠠ ᠪᠠᠨ | ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠵᠤᠬᠢᠶᠠᠨ ᠪᠠᠶᠢᠭᠤᠯᠤᠭᠲᠠᠵᠤ ᠪᠠᠶᠢᠭ᠎ᠠ ᠪᠠᠷ ᠢᠶᠠᠨ ᠠᠴᠢ ᠬᠤᠯᠪᠤᠭᠲᠠᠯ | ᠶᠡᠬᠡᠲᠡᠢ᠃ ᠡᠷᠲᠡᠮᠲᠡᠨ ᠰᠤᠲᠤᠯᠤᠭᠠᠴᠢᠳ ᠠᠰᠠᠭᠤᠲᠠᠯ ᠤᠨ ᠲᠤᠭᠤᠷᠢᠨ ᠳᠤ ᠦᠵᠡᠯ ᠪᠤᠲᠤᠯ ᠢᠶᠠᠨ ᠴᠢᠯᠦᠭᠡᠲᠡᠢ | ᠲᠡᠯᠭᠡᠨ ᠶᠠᠷᠢᠯᠴᠠᠵᠤ ᠡᠷᠲᠡᠮ ᠰᠢᠨᠵᠢᠯᠡᠭᠡᠨ ᠤ ᠠᠰᠠᠭᠤᠲᠠᠯ ᠤᠨ ᠲᠤᠭᠤᠷᠢᠨ ᠳᠤ ᠬᠠᠯᠠᠭᠤᠨ ᠶᠠᠷᠢᠯᠴᠠᠭ᠎ᠠ ᠪᠤᠯᠬᠤ | ᠲᠠᠪᠴᠠᠩ ᠪᠤᠯᠤᠭᠰᠠᠨ ᠢᠶᠠᠷ ᠪᠠᠷᠠᠬᠤ ᠦᠭᠡᠢ ᠲᠤᠰ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠳᠤ ᠴᠤ | ᠠᠰᠢᠭᠲᠠᠢ ᠶᠤᠮ ᠭᠡᠵᠦ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ | ᠰᠤᠷᠭᠠᠭᠤᠯᠢ ᠶᠢᠨ ᠲᠡᠳ᠋ ᠵᠠᠬᠢᠷᠤᠯ᠂ ᠮᠤᠩᠭᠤᠯ ᠰᠤᠶᠤᠯ ᠰᠤᠲᠤᠯᠬᠤ ᠭᠠᠵᠠᠷ ᠤᠨ ᠲᠠᠷᠤᠭ᠎ᠠ᠂ ᠫᠷᠤᠹᠧᠰᠰᠤᠷ | ᠡᠷᠳᠡᠨᠢᠬᠠᠲᠠ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠪᠠ᠃ | ᠬᠤᠶᠠᠲᠤᠭᠠᠷ ᠤᠲᠠᠭᠠᠨ ᠤ ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ | ᠰᠢᠨᠵᠢᠯᠡᠭᠡᠨ ᠤ ᠬᠤᠷᠠᠯ ᠢ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ | ᠰᠤᠷᠭᠠᠭᠤᠯᠢ ᠪᠤᠯᠤᠨ ᠦᠪᠦᠷ ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ ᠠᠴᠠ ᠬᠠᠮᠲᠤᠷᠠᠨ ᠵᠤᠬᠢᠶᠠᠨ ᠪᠠᠶᠢᠭᠤᠯᠪᠠ᠃ | | |