ᠮᠣᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠬᠦᠬᠡᠬᠤᠲᠠ ᠳᠤ ᠪᠤᠯᠪᠠ
ᠨᠡᠶᠢᠲᠡᠯᠡᠭᠰᠡᠨ ᠴᠠᠭ᠄
2018/10/30
      ᠰᠢᠨᠬᠤᠧᠠ ᠮᠣᠩᠭᠤᠯ ᠨᠧᠲ ᠬᠦᠬᠡᠬᠤᠲᠠ ᠶᠢᠨ 10 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ︵ᠬ᠊ · ᠦᠵᠡᠰᠬᠦᠯᠡᠩ︶ ᠬᠤᠶᠠᠲᠤᠭᠠᠷ ᠤᠲᠠᠭᠠᠨ ᠤ ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ  10 ᠰᠠᠷ᠎ᠠ ᠶᠢᠨ 28 ᠤ ᠡᠲᠦᠷ ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠪᠤᠯᠪᠠ᠃ ᠤᠭ ᠬᠤᠷᠠᠯ ᠤᠨ ᠦᠶ᠎ᠡ ᠪᠠᠷ ᠪᠡᠭᠡᠵᠢᠩ᠂ ᠭᠠᠨᠰᠦ᠂ ᠰᠢᠨᠵᠢᠶᠠᠩ ᠵᠡᠷᠭᠡ ᠭᠠᠵᠠᠷ ᠤᠷᠤᠨ ᠤ ᠡᠷᠲᠡᠮᠲᠠᠨ ᠰᠤᠲᠤᠯᠤᠭᠠᠴᠢᠳ ᠤᠷᠤᠯᠴᠠᠭᠰᠠᠨ ᠠᠴᠠ ᠭᠠᠲᠠᠨ᠎ᠠ ᠦᠪᠦᠷ ᠮᠣᠩᠭᠤᠯ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠪᠠᠭᠰᠢ ᠶᠡᠭᠡ ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠵᠠᠩ ᠦᠢᠯᠡ ᠱᠠᠰᠢᠨ ᠤ ᠰᠤᠶᠤᠯ ᠤᠨ ᠰᠤᠲᠤᠯᠤᠭᠠᠴᠢ᠂ ᠲᠦᠩᠯᠢᠶᠤᠤ᠂ ᠤᠯᠠᠭᠠᠨᠬᠠᠲᠠ᠂ ᠠᠯᠠᠱᠠ ᠵᠡᠷᠭᠡ ᠭᠠᠵᠠᠷ ᠤᠷᠤᠨ ᠤ ᠡᠷᠲᠡᠮᠲᠡᠳ ᠴᠤ ᠤᠷᠤᠯᠴᠠᠭᠰᠠᠨ ᠪᠠᠶᠢᠨ᠎ᠠ᠃
     ᠲᠤᠰ ᠤᠲᠠᠭᠠᠨ ᠤ ᠬᠤᠷᠠᠯ ᠤᠨ ᠭᠤᠤᠯ ᠰᠡᠳᠦᠪ ᠨᠢ ᠮᠣᠩᠭᠤᠯ ᠵᠠᠩ ᠦᠢᠯᠡ ᠰᠤᠶᠤᠯ ᠪᠠ ᠱᠠᠰᠢᠨ ᠰᠤᠷᠲᠠᠬᠤᠨ ᠤ ᠰᠤᠶᠤᠯ ᠤᠨ ᠬᠤᠶᠠᠷ ᠶᠡᠭᠡ ᠬᠦᠷᠢᠶ᠎ᠠ ᠶᠢ ᠬᠠᠮᠤᠷᠴᠤ ᠪᠠᠶᠢᠨ᠎ᠠ᠃ ᠡᠨᠡ ᠨᠢ ᠮᠣᠩᠭᠤᠯ ᠰᠤᠲᠤᠯᠤᠯ ᠤᠨ ᠰᠢᠨᠵᠢᠯᠡᠭᠡᠨ ᠤ ᠭᠤᠤᠯ ᠰᠡᠳᠦᠪ ᠤᠳ ᠪᠤᠯᠬᠤ ᠪᠦᠭᠡᠳ ᠮᠣᠩᠭᠤᠯ ᠰᠤᠲᠤᠯᠤᠯ ᠤᠨ ᠬᠦᠷᠢᠶ᠎ᠡ ᠦᠷᠭᠡᠵᠢᠨ ᠲᠡᠯᠡᠭᠰᠡᠨ ᠢ ᠬᠠᠷᠠᠭᠤᠯᠵᠤ ᠪᠠᠶᠢᠨ᠎ᠠ᠃ ᠮᠣᠩᠭᠤᠯ ᠵᠠᠩ ᠦᠢᠯᠡ ᠶᠢᠨ ᠬᠡᠪᠴᠢᠶᠠᠨ ᠳᠤ ᠵᠠᠩ ᠦᠢᠯᠡ ᠵᠦᠢ᠂ ᠠᠮᠠᠨ ᠵᠤᠬᠢᠶᠠᠯ ᠪᠤᠯᠤᠨ ᠪᠠᠶᠠᠲᠤ ᠪᠤᠰᠤ ᠰᠤᠶᠤᠯ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ᠂ ᠮᠣᠩᠭᠤᠯ ᠦᠨᠳᠦᠰᠦᠲᠡᠨ ᠤ ᠨᠡᠬᠦᠲᠡᠯ ᠰᠤᠶᠤᠯ ᠪᠠ ᠲᠠᠷᠢᠶᠠᠯᠠᠩ ᠰᠤᠶᠤᠯ ᠭᠡᠬᠦ ᠮᠡᠲᠦ ᠠᠰᠠᠭᠤᠲᠠᠯ ᠤᠳ ᠢ ᠪᠠᠭᠲᠠᠭᠠᠵᠤ ᠪᠤᠢ᠃ ᠮᠣᠩᠭᠤᠯ ᠱᠠᠰᠢᠨ ᠤ ᠰᠤᠶᠤᠯ ᠤᠨ ᠬᠦᠷᠢᠶᠡᠨ ᠳᠤ ᠮᠠᠷᠺᠰ ᠤᠨ ᠦᠵᠡᠯ ᠤᠨ ᠱᠠᠰᠢᠨ ᠤ ᠤᠨᠤᠯ ᠪᠤᠯᠤᠨ ᠨᠠᠮ ᠤᠨ ᠱᠠᠰᠢᠨ ᠤ ᠲᠦᠷᠦ ᠶᠢᠨ ᠪᠤᠲᠤᠯᠭ᠎ᠠ᠂ ᠮᠣᠩᠭᠤᠯ ᠦᠨᠳᠦᠰᠦᠲᠡᠨ ᠤ ᠱᠠᠰᠢᠨ ᠤ ᠰᠤᠷᠪᠤᠯᠵᠢ ᠪᠢᠴᠢᠭ ᠪᠤᠯᠤᠨ ᠠᠷᠠᠳ ᠤᠨ ᠰᠢᠲᠦᠯᠭᠡ ᠶᠢᠨ ᠰᠤᠲᠤᠯᠤᠯ ᠵᠡᠷᠭᠡ ᠠᠰᠠᠭᠤᠲᠠᠯ ᠢ ᠪᠠᠭᠲᠠᠭᠠᠭᠰᠠᠨ ᠪᠠᠶᠢᠨ᠎ᠠ ᠭᠡᠵᠦ ᠦᠪᠦᠷ ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ ᠤᠨ ᠲᠠᠷᠤᠭ᠎ᠠ᠂ ᠫᠷᠤᠹᠧᠰᠰᠤᠷ ᠵᠠᠭᠠᠷ ᠲᠠᠨᠢᠯᠴᠠᠭᠤᠯᠪᠠ᠃      ᠮᠣᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠬᠤᠶᠡᠳᠡᠬᠢ ᠤᠲᠠᠭ᠎ᠠ ᠪᠠᠨ ᠦᠪᠦᠷ ᠮᠣᠩᠭᠤᠯ ᠤᠨ ᠶᠡᠭᠡ ᠰᠤᠷᠭᠠᠭᠤᠯᠢ ᠳᠤ ᠵᠤᠬᠢᠶᠠᠨ ᠪᠠᠶᠢᠭᠤᠯᠤᠭᠲᠠᠵᠤ ᠪᠠᠶᠢᠭ᠎ᠠ ᠪᠠᠷ ᠢᠶᠠᠨ ᠠᠴᠢ ᠬᠤᠯᠪᠤᠭᠲᠠᠯ ᠶᠡᠬᠡᠲᠡᠢ᠃ ᠡᠷᠲᠡᠮᠲᠡᠨ ᠰᠤᠲᠤᠯᠤᠭᠠᠴᠢᠳ ᠠᠰᠠᠭᠤᠲᠠᠯ ᠤᠨ ᠲᠤᠭᠤᠷᠢᠨ ᠳᠤ ᠦᠵᠡᠯ ᠪᠤᠲᠤᠯ ᠢᠶᠠᠨ ᠴᠢᠯᠦᠭᠡᠲᠡᠢ ᠲᠡᠯᠭᠡᠨ ᠶᠠᠷᠢᠯᠴᠠᠵᠤ ᠡᠷᠲᠡᠮ ᠰᠢᠨᠵᠢᠯᠡᠭᠡᠨ ᠤ ᠠᠰᠠᠭᠤᠲᠠᠯ ᠤᠨ ᠲᠤᠭᠤᠷᠢᠨ ᠳᠤ ᠬᠠᠯᠠᠭᠤᠨ ᠶᠠᠷᠢᠯᠴᠠᠭ᠎ᠠ ᠪᠤᠯᠬᠤ ᠲᠠᠪᠴᠠᠩ ᠪᠤᠯᠤᠭᠰᠠᠨ ᠢᠶᠠᠷ ᠪᠠᠷᠠᠬᠤ ᠦᠭᠡᠢ ᠲᠤᠰ ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠳᠤ ᠴᠤ ᠠᠰᠢᠭᠲᠠᠢ ᠶᠤᠮ ᠭᠡᠵᠦ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠶᠢᠨ ᠲᠡᠳ᠋ ᠵᠠᠬᠢᠷᠤᠯ᠂ ᠮᠤᠩᠭᠤᠯ ᠰᠤᠶᠤᠯ ᠰᠤᠲᠤᠯᠬᠤ ᠭᠠᠵᠠᠷ ᠤᠨ ᠲᠠᠷᠤᠭ᠎ᠠ᠂ ᠫᠷᠤᠹᠧᠰᠰᠤᠷ ᠡᠷᠳᠡᠨᠢᠬᠠᠲᠠ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠪᠠ᠃      ᠬᠤᠶᠠᠲᠤᠭᠠᠷ ᠤᠲᠠᠭᠠᠨ ᠤ ᠪᠦᠬᠦ ᠤᠯᠤᠰ ᠤᠨ ᠮᠤᠩᠭᠤᠯ ᠵᠠᠩ ᠦᠢᠯᠡ ᠱᠠᠰᠢᠨ ᠤ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠢ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠪᠤᠯᠤᠨ ᠦᠪᠦᠷ ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ ᠠᠴᠠ ᠬᠠᠮᠲᠤᠷᠠᠨ ᠵᠤᠬᠢᠶᠠᠨ ᠪᠠᠶᠢᠭᠤᠯᠪᠠ᠃
ᠢᠷᠡᠯᠲᠡ᠄ ᠰᠢᠨᠬᠤᠧᠠ ᠮᠣᠩᠭᠤᠯ ᠨᠧᠲ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ