ᠴᠧᠨ ᠯᠢ ᠶᠢᠨ ᠬᠤᠷᠢᠨᠭᠡᠷ ᠰᠢᠶᠠᠨ ᠤ ᠲᠣᠭᠲᠠᠮᠠᠯ ᠨᠢᠳᠣᠯᠭᠠᠨ ᠤ ᠭᠠᠵᠠᠷ ᠤᠨ ᠬᠢᠵᠢᠭ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2018-10-08
     9 ᠳ᠋ᠦ᠋ᠭᠡᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠮᠧᠩ ᠱᠠᠨ ᠪᠠ ᠮᠠᠯ ᠨᠢᠳᠣᠯᠬᠤ ᠠᠷᠠᠯᠵᠢᠶᠠᠨ ᠤ ᠬᠢᠵᠠᠭᠠᠷᠲᠣ ᠬᠠᠷᠢᠭᠤᠴᠠᠯᠭᠠᠲᠣ ᠺᠣᠮᠫᠠᠨᠢ  ᠳᠤ ᠬᠦᠷᠴᠦ᠂ ᠰᠢᠶᠠᠨ ᠤ ᠵᠡᠭᠡᠯᠢ ᠳᠣᠲᠣᠷᠠᠬᠢ ᠲᠣᠭᠲᠠᠮᠠᠯ ᠨᠢᠳᠣᠯᠭᠠᠨ ᠤ ᠭᠠᠵᠠᠷ ᠲᠤ ᠪᠠᠶᠢᠴᠠᠭᠠᠯᠲᠠ ᠬᠢᠵᠦ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠲᠠᠷᠢᠶᠠᠯᠠᠩ ᠮᠠᠯ ᠠᠵᠣ ᠠᠬᠤᠢ᠂ ᠢᠳᠡᠭᠡᠨ ᠡᠮ ᠤᠨ ᠵᠦᠢᠯ᠂ ᠬᠤᠲᠠ ᠶᠢᠨ ᠬᠢᠨᠠᠯᠲᠠ ᠬᠠᠮᠢᠶᠠᠷᠣᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷ᠎ᠠ ᠪᠣᠯᠣᠨ ᠬᠠᠮᠲᠣ ᠪᠠᠶᠢᠴᠠᠭᠠᠪᠠ᠃      ᠪᠠᠶᠢᠴᠠᠭᠠᠯᠲᠠ ᠶᠢᠨ ᠳᠣᠮᠳᠠ᠂ ᠴᠧᠨ ᠯᠢ ᠶᠢᠨ ᠨᠢᠳᠣᠯᠭᠠᠨ ᠤ ᠭᠠᠵᠠᠷ ᠤᠨ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠭᠰᠡᠨ ᠪᠣᠳᠠᠲᠠᠢ ᠠᠷᠭ᠎ᠠ ᠬᠡᠮᠵᠢᠶ᠎ᠠ᠂ ᠭᠠᠭ᠋ᠠᠢ ᠨᠢᠳᠣᠯᠬᠤ ᠶᠠᠪᠣᠴᠠ ᠳᠠᠬᠢ ᠬᠢᠵᠢᠭ ᠤᠨ ᠪᠠᠶᠢᠴᠠᠭᠠᠯᠲᠠ ᠶᠢᠨ ᠪᠠᠶᠢᠳᠠᠯ᠂ ᠬᠠᠮᠢᠶᠠᠷᠣᠯᠲᠠ ᠶᠢᠨ ᠳᠦᠷᠢᠮ ᠵᠡᠷᠭᠡ ᠠᠭᠤᠯᠭ᠎ᠠ ᠶᠢ ᠨᠠᠷᠢᠯᠢᠭ ᠣᠶᠢᠯᠠᠭᠠᠵᠣ᠂ ᠪᠠᠶᠢᠴᠠᠭᠠᠯᠲᠠ ᠶᠢᠨ ᠳᠣᠮᠳᠠ ᠢᠯᠡᠷᠡᠭᠰᠡᠨ ᠠᠰᠠᠭᠤᠳᠠᠯ ᠳᠤ ᠬᠠᠨᠳᠣᠭᠤᠯᠵᠣ᠂ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ419 ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠤᠷᠠᠯᠳᠣᠭᠤᠯᠪᠠ᠃ ᠲᠡᠷᠡ ᠵᠢᠭᠠᠵᠣ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠠᠮᠢᠲᠠᠨ ᠵᠢᠴᠢ ᠠᠮᠢᠲᠠᠨ ᠤ ᠪᠦᠲᠦᠭᠡᠭᠳᠡᠭᠦᠨ ᠤ ᠬᠢᠵᠢᠭ ᠤᠨ ᠪᠠᠶᠢᠴᠠᠭᠠᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠡᠪᠡᠳᠴᠢᠨ ᠳᠤ ᠨᠡᠷᠪᠡᠭᠳᠡᠭᠰᠡᠨ ᠠᠮᠢᠲᠠᠨ ᠵᠢᠴᠢ ᠪᠦᠲᠦᠭᠡᠭᠳᠡᠭᠦᠨ ᠵᠠᠬ᠎ᠠ ᠳᠡᠯᠭᠡᠭᠦᠷ ᠲᠤ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ︔ ᠨᠢᠲᠣᠯᠭᠠᠨ ᠤ ᠭᠠᠵᠠᠷ ᠤᠨ ᠨᠦᠬᠦᠴᠡᠯ ᠠᠨᠠᠢ᠂ ᠳᠣᠷ᠎ᠠ ᠪᠠᠷ ᠣᠪᠣᠭᠠᠯᠠᠨ ᠲᠠᠯᠪᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠲᠣᠬᠠᠶᠢᠯᠠᠭᠰᠠᠨ ᠠᠵᠢᠯ ᠤᠨ ᠬᠦᠮᠦᠰ ᠵᠠᠪᠠᠯ ᠠᠯᠢ ᠲᠦᠷᠭᠡᠨ ᠢᠶᠠᠷ ᠴᠡᠭᠴᠡᠯᠡᠨ ᠵᠠᠰᠠᠬᠤ ᠬᠡᠷᠡᠭᠲᠡᠢ︔ ᠨᠢᠳᠣᠯᠭᠠᠨ ᠤ ᠠᠵᠣ ᠠᠬᠤᠶᠢᠯᠠᠯ ᠠᠹᠷᠢᠺᠠ ᠶᠢᠨ ᠭᠠᠭ᠋ᠠᠢ ᠶᠢᠨ ᠬᠢᠵᠢᠭ ᠤᠨ ᠰᠡᠷᠭᠡᠶᠢᠯᠡᠯᠲᠡ ᠶᠢᠨ ᠠᠵᠢᠯ ᠢᠶᠠᠨ ᠴᠢᠩᠭᠠᠳᠬᠠᠵᠣ᠂ ᠭᠠᠭ᠋ᠠᠢ ᠶᠢ ᠨᠢᠳᠣᠯᠬᠤ ᠠᠴᠠ ᠡᠮᠦᠨᠡᠬᠢ ᠪᠠᠶᠢᠴᠠᠭᠠᠯᠲᠠ᠂ ᠣᠭᠢᠶᠠᠵᠣ ᠴᠡᠪᠡᠷᠯᠡᠬᠦ᠂ ᠬᠤᠣᠷ ᠦᠭᠡᠶᠢᠳᠡᠭᠦᠯᠵᠦ ᠠᠷᠢᠯᠭᠠᠬᠤ ᠵᠢᠴᠢ ᠦᠢᠯᠡᠳᠪᠦᠷᠢᠯᠡᠬᠦ ᠲᠡᠮᠳᠡᠭᠯᠡᠯ ᠬᠢᠭᠡᠳ ᠬᠢᠵᠢᠭ ᠤᠨ ᠪᠠᠶᠢᠳᠠᠯ ᠤᠨ ᠮᠡᠳᠡᠭᠦᠯᠦᠯᠲᠡ ᠵᠡᠷᠭᠡ ᠴᠢᠬᠤᠯᠠ ᠭᠤᠭᠴᠤᠭ᠎ᠠ ᠶᠢ ᠭᠤᠣᠯᠳᠠᠯᠭ᠎ᠠ ᠲᠠᠢ ᠨᠠᠶᠢᠳᠠᠪᠣᠷᠢᠵᠢᠭᠤᠯᠬᠤ ᠬᠡᠷᠡᠭᠲᠡᠢ︔ ᠵᠧᠩ ᠳ᠋ᠠ ᠠᠵᠣ ᠠᠬᠤᠶᠢᠯᠠᠯ ᠰᠢᠶᠠᠨ ᠤ ᠳᠣᠲᠣᠷᠠᠬᠢ ᠲᠡᠵᠢᠭᠡᠨ ᠦᠷᠡᠵᠢᠭᠦᠯᠬᠦ ᠡᠷᠦᠬᠡ ᠯᠤᠭ᠎ᠠ ᠰᠠᠶᠢᠲᠣᠷ ᠲᠣᠬᠢᠷᠠᠯᠴᠠᠵᠣ᠂ ᠮᠠᠨ ᠤ ᠰᠢᠶᠠᠨ ᠤ ᠭᠠᠭ᠋ᠠᠢ ᠶᠢᠨ ᠮᠢᠬᠠᠨ ᠤ ᠬᠠᠩᠭᠠᠯᠭ᠎ᠠ ᠶᠢ ᠪᠠᠲᠣᠯᠠᠵᠤ᠂ ᠠᠷᠠᠳ ᠣᠯᠠᠨ ᠳᠤ ᠠᠮᠣᠷ ᠲᠦᠪᠰᠢᠨ᠂ ᠰᠡᠳᠬᠢᠯ ᠠᠮᠣᠷ ᠮᠢᠬ᠎ᠠ ᠬᠠᠩᠭᠠᠬᠤ ᠶᠢ ᠨᠡᠩ ᠴᠦ ᠪᠠᠲᠣᠯᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号