ᠸᠠᠩ ᠸᠧᠢ ᠯᠢᠶᠠᠩ ᠬᠤᠷᠢᠨᠭᠡᠷ ᠰᠢᠶᠠᠨ ᠤ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠬᠦ ᠬᠢᠨᠠᠨ ᠪᠠᠶᠢᠴᠠᠭᠠᠬᠤ ᠦᠷᠲᠡᠭᠡ ᠳᠤ ᠭᠦᠨᠵᠡᠭᠡᠶᠢᠷᠡᠵᠦ᠂  ᠭᠠᠭ᠋ᠠᠢ ᠶᠢᠨ ᠬᠢᠵᠢᠭ ᠤᠨ ᠰᠡᠷᠭᠡᠶᠢᠯᠡᠯᠲᠡ ᠶᠢᠨ ᠠᠵᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2018-10-09
     9 ᠳ᠋ᠦ᠋ᠭᠡᠷ ᠰᠠᠷ᠎ᠠ ᠶᠢᠨ30 ᠤ ᠡᠳᠦᠷ᠂ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ ᠯᠢᠶᠠᠩ ᠰᠢᠨ ᠳ᠋ᠢᠶᠠᠨ ᠽᠢ ᠪᠠᠯᠭᠠᠰᠣ᠂ ᠶᠡᠭᠡ ᠤᠯᠠᠭᠠᠨᠬᠤᠲᠠ ᠰᠢᠶᠠᠩ ᠵᠡᠷᠭᠡ ᠭᠠᠵᠠᠷ ᠲᠤ ᠭᠦᠨᠵᠡᠭᠡᠶᠢᠷᠡᠵᠦ᠂ ᠵᠠᠰᠠᠮᠠᠯ ᠵᠠᠮ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠢᠨᠠᠨ ᠪᠠᠶᠢᠴᠠᠭᠠᠬᠤ ᠦᠷᠲᠡᠭᠡ ᠳᠤ ᠬᠦᠷᠴᠦ ᠪᠠᠶᠢᠴᠠᠭᠠᠨ ᠦᠵᠡᠵᠦ᠂ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠪᠠ᠃ ᠰᠢᠶᠠᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠷ᠎ᠠ ᠪᠣᠯᠣᠨ ᠪᠠᠶᠢᠴᠠᠭᠠᠨ ᠦᠵᠡᠪᠡ᠃       ᠸᠠᠩ ᠸᠧᠢ ᠯᠢᠶᠠᠩ ᠪᠠᠶᠢᠴᠠᠭᠠᠬᠤ ᠦᠷᠲᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ᠂ ᠳᠦᠷᠢᠮᠵᠢᠭᠰᠡᠨ ᠠᠵᠢᠯᠯᠠᠭᠠᠨ ᠤ ᠪᠠᠶᠢᠳᠠᠯ᠂ ᠠᠮᠢᠲᠠᠨ ᠵᠢᠴᠢ ᠲᠡᠭᠦᠨ ᠤ ᠪᠦᠲᠦᠭᠡᠭᠳᠡᠭᠦᠨ ᠤ ᠠᠷᠠᠯᠵᠢᠶᠠᠯᠠᠯ ᠠᠴᠠ ᠡᠮᠦᠨᠡᠬᠢ ᠬᠢᠨᠠᠯᠲᠠ ᠬᠠᠮᠢᠶᠠᠷᠣᠯᠲᠠ ᠶᠢᠨ ᠪᠠᠶᠢᠴᠠᠭᠠᠨ ᠮᠡᠳᠡᠭᠦᠯᠬᠦ ᠠᠯᠬᠤᠮ ᠳᠠᠷᠠᠭ᠎ᠠ ᠶᠢ ᠨᠠᠷᠢᠯᠢᠭ ᠣᠶᠢᠯᠠᠭᠠᠵᠣ᠂ ᠣᠶᠢᠷ᠎ᠠ ᠶᠢᠨ ᠬᠤᠭᠤᠴᠠᠭᠠᠨ ᠤ ᠪᠠᠶᠢᠴᠠᠭᠠᠭᠰᠠᠨ ᠪᠠᠶᠢᠳᠠᠯ ᠢ ᠠᠰᠠᠭᠤᠨ ᠯᠠᠪᠯᠠᠵᠣ᠂ ᠬᠢᠨᠠᠨ ᠪᠠᠶᠢᠴᠠᠭᠠᠯᠲᠠ ᠶᠢᠨ ᠬᠠᠣᠯᠢ ᠬᠡᠷᠡᠭᠵᠢᠭᠦᠯᠦᠯᠲᠡ ᠶᠢᠨ ᠪᠠᠶᠢᠳᠠᠯ ᠵᠡᠷᠭᠡ ᠲᠡᠮᠳᠡᠭᠯᠡᠯ ᠢ ᠪᠠᠶᠢᠴᠠᠭᠠᠨ ᠦᠵᠡᠪᠡ᠃ ᠲᠡᠷᠡ ᠱᠠᠭᠠᠷᠳᠠᠭᠰᠠᠨ ᠨᠢ᠂ ᠪᠠᠶᠢᠴᠠᠭᠠᠬᠤ ᠦᠷᠲᠡᠭᠡᠨ ᠤ ᠠᠵᠢᠯᠲᠠᠳ ᠠᠵᠢᠯ ᠤᠨ ᠪᠠᠶᠢᠷᠢ ᠪᠠᠨ ᠬᠠᠶᠢᠷᠠᠯᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠣ᠂ ᠬᠠᠷᠢᠭᠤᠴᠠᠯᠭ᠎ᠠ ᠪᠠᠨ ᠭᠦᠢᠴᠡᠳᠬᠡᠵᠦ᠂ ᠠᠯᠬᠤᠮ ᠳᠠᠷᠠᠭ᠎ᠠ ᠶᠣᠰᠣᠭᠠᠷ ᠲᠡᠷᠭᠡ ᠪᠦᠷᠢ ᠶᠢ᠂ ᠦᠨᠡᠮᠯᠡᠯ ᠪᠦᠷᠢ ᠶᠢ᠂ ᠳᠠᠩᠰᠠ ᠪᠦᠷᠢ ᠶᠢ ᠵᠠᠪᠠᠯ ᠴᠢᠩᠭ᠎ᠠ ᠪᠠᠶᠢᠴᠠᠭᠠᠨ᠂ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠣᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠵᠡᠢ᠃      ᠸᠠᠩ ᠸᠧᠢ ᠯᠢᠶᠠᠩ ᠴᠢᠩᠭᠠᠳᠬᠠᠭᠰᠠᠨ ᠨᠢ᠂ ᠣᠳᠣᠬᠠᠨ ᠳᠤ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠠᠰᠢ ᠪᠣᠳᠣᠯᠢᠶᠠᠨᠲᠠᠢ ᠪᠠᠶᠢᠵᠣ᠂ ᠰᠢᠨ ᠳ᠋ᠢᠶᠠᠨ ᠽᠢ ᠪᠠᠯᠭᠠᠰᠣ ᠪᠣᠯᠣᠨ ᠶᠡᠭᠡ ᠤᠯᠠᠭᠠᠨᠬᠤᠲᠠ ᠰᠢᠶᠠᠩ ᠤᠨ ᠠᠮᠢᠲᠠᠨ ᠤ ᠬᠢᠵᠢᠭ ᠢ ᠰᠡᠷᠭᠡᠶᠢᠯᠡᠨ ᠪᠠᠶᠢᠴᠠᠭᠠᠬᠤ ᠦᠷᠲᠡᠭᠡ ᠪᠣᠯ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠴᠢᠬᠤᠯᠠ ᠠᠮᠠᠰᠠᠷ᠂ ᠭᠠᠳᠠᠨᠠᠬᠢ ᠠᠮᠢᠲᠠᠨ ᠵᠢᠴᠢ ᠲᠡᠭᠦᠨ ᠤ ᠪᠦᠲᠦᠭᠡᠭᠳᠡᠭᠦᠨ ᠮᠠᠨ ᠤ ᠰᠢᠶᠠᠨ  ᠳᠤ ᠣᠷᠣᠵᠣ ᠢᠷᠡᠬᠦ ᠴᠢᠬᠤᠯᠠ ᠨᠡᠪᠲᠡᠷᠡᠬᠦ ᠵᠠᠮ᠂ ᠡᠶᠢᠮᠦ ᠠᠴᠠ ᠳᠡᠭᠡᠳᠦ ᠬᠡᠮᠵᠢᠶᠡᠨ ᠤ ᠣᠯᠣᠰ ᠲᠦᠷᠥ ᠶᠢᠨ ᠬᠠᠷᠢᠭᠤᠴᠠᠯᠭᠠᠲᠣ ᠰᠡᠳᠬᠢᠯᠭᠡ ᠢᠶᠠᠷ ᠵᠣᠷᠢᠭ ᠰᠠᠨᠠᠭ᠎ᠠ ᠪᠠᠨ ᠬᠦᠪᠴᠢᠯᠡᠵᠦ᠂ ᠡᠷᠡᠰ ᠲᠠᠰᠣᠷᠬᠠᠢ ᠠᠷᠭ᠎ᠠ ᠬᠡᠮᠵᠢᠶ᠎ᠡ ᠨᠦᠭᠦᠳ ᠢ ᠠᠪᠴᠣ᠂ ᠭᠠᠵᠠᠷ ᠨᠣᠲᠤᠭ ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠣ᠂ ᠮᠦᠨ ᠡᠨᠡᠬᠦ ᠬᠠᠷᠢᠭᠤᠴᠠᠯᠭ᠎ᠠ ᠪᠠᠨ ᠰᠠᠶᠢᠲᠣᠷ ᠭᠦᠢᠴᠡᠳᠬᠡᠵᠦ᠂ ᠪᠦᠬᠦ ᠰᠢᠶᠠᠨ ᠤ ᠮᠠᠯ ᠠᠵᠣ ᠠᠬᠤᠢ ᠶᠢᠨ ᠠᠮᠣᠷ ᠲᠦᠪᠰᠢᠨ ᠵᠢᠴᠢ ᠪᠦᠬᠦ ᠰᠢᠶᠠᠨ ᠤ ᠠᠷᠠᠳ ᠲᠦᠮᠡᠨ ᠤ ᠮᠢᠬᠠᠨ ᠤ ᠵᠦᠢᠯᠡᠰ ᠤᠨ ᠬᠡᠷᠡᠭᠯᠡᠭᠡᠨ ᠤ ᠠᠮᠣᠷ ᠲᠦᠪᠰᠢᠨ ᠤ ᠲᠦᠯᠦᠭᠡ ᠬᠢᠵᠢᠭ ᠠᠴᠠ ᠰᠡᠷᠭᠡᠶᠢᠯᠡᠬᠦ ᠠᠮᠠᠰᠠᠷ ᠢ ᠰᠠᠶᠢᠲᠣᠷ ᠰᠠᠬᠢᠵᠤ᠂ ᠰᠡᠷᠭᠡᠶᠢᠯᠡᠯᠲᠡ ᠶᠢᠨ ᠬᠠᠯᠬᠠᠪᠴᠢ ᠶᠢ ᠨᠡᠩ ᠪᠠᠲᠣᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号