| | | ᠰᠤᠷᠪᠤᠯᠵᠢᠯᠠᠭᠴᠢ᠄ ᠲᠠ 1997 ᠣᠨ ᠳᠤ ᠠᠩᠬ᠎ᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠢᠷᠠᠵᠤ ᠵᠠᠬᠢᠷᠤᠯ ᠢᠶᠠᠷ | ᠠᠵᠢᠯᠯᠠᠬᠤ ᠦᠶ᠎ᠡ ᠪᠣᠳᠠᠲᠠᠢ ᠶᠠᠮᠠᠷ ᠠᠷᠭ᠎ᠠ ᠪᠣᠳᠣᠯᠭ᠎ᠠ ᠠᠪᠤᠭᠰᠠᠨ ᠪᠣᠢ︖ | ᠠᠪᠤᠷᠭᠤ᠄ ᠪᠢ ᠠᠩᠬ᠎ᠠ ᠡᠨᠡ ᠰᠤᠷᠭᠠᠭᠤᠯᠢ ᠳᠤ ᠢᠷᠠᠵᠤ ᠠᠵᠢᠯᠯᠠᠬᠤ ᠦᠶ᠎ᠡ ᠳᠤ ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠥᠮᠥᠵᠢᠯ | ᠨᠡᠶᠢᠳᠡᠮ ᠳᠡᠭᠡᠨ ᠬᠦᠴᠢᠷᠲᠡᠢ ᠪᠠᠶᠢᠳᠠᠯ ᠳᠤ ᠪᠠᠶᠢᠭᠰᠠᠨ ᠶᠤᠮ᠃ ᠰᠣᠶᠣᠯ ᠤᠨ ᠬᠤᠪᠢᠰᠬᠠᠯ ᠤᠨ ᠳᠠᠷᠠᠭ᠎ᠠ ᠮᠣᠩᠭᠤᠯᠴᠤᠳ ᠤᠬᠠᠭᠠᠷᠠᠵᠤ᠂ ᠮᠣᠩᠭᠤᠯ | ᠰᠤᠷᠤᠭᠴᠢᠳ ᠣᠯᠠᠨ ᠪᠠᠶᠢᠭᠰᠠᠨ᠂ ᠭᠡᠪᠡᠴᠦ ᠶᠡᠷᠡᠭᠡᠳ ᠣᠨ ᠪᠣᠯᠵᠤ ᠢᠷᠡᠬᠦ ᠦᠶ᠎ᠡ ᠪᠠᠷ ᠮᠣᠩᠭᠤᠯᠴᠤᠳ ᠤᠨ ᠪᠣᠳᠣᠯ ᠳᠤ ᠪᠠᠰᠠ ᠳᠠᠬᠢᠭᠠᠳ ᠠᠰᠠᠭᠤᠳᠠᠯ | ᠣᠷᠣᠰᠢᠵᠠᠢ᠃ ᠳᠠᠷᠤᠢ ︽ᠮᠣᠩᠭᠤᠯ ᠢᠶᠠᠷ ᠰᠤᠷᠤᠭᠠᠳ ᠭᠠᠷᠬᠤ ᠵᠠᠮ ᠦᠭᠡᠢ︾ ᠭᠡᠰᠡᠨ ᠨᠡᠶᠢᠭᠡᠮ ᠤᠨ ᠨᠥᠯᠥᠭᠡ ᠶᠡᠭᠡ ᠭᠠᠷᠤᠭᠰᠠᠨ᠃ ᠲᠡᠭᠡᠭᠡᠳ | ᠰᠤᠷᠤᠭᠴᠢ ᠶᠢᠨ ᠲᠤᠭ᠎ᠠ ᠶᠡᠭᠡ ᠪᠠᠷ ᠴᠥᠭᠡᠷᠡᠵᠦ᠂ ᠡᠨᠡ ᠰᠤᠷᠭᠠᠭᠤᠯᠢ ᠶᠢᠨ ᠰᠤᠷᠤᠭᠴᠢ ᠶᠢᠨ ᠲᠤᠭ᠎ᠠ ᠭᠤᠷᠪᠠᠨ ᠪᠦᠯᠦᠭ ︵ᠪᠠᠭ᠎ᠠ᠂ ᠠᠩᠬ᠎ᠠ ᠳᠤᠮᠳᠠᠳᠤ᠂ | ᠳᠡᠭᠡᠳᠦ ᠳᠤᠮᠳᠠᠳᠤ︶ ᠨᠢ ᠨᠡᠶᠢᠯᠡᠭᠡᠳ 600 ᠢᠯᠡᠭᠦᠦ᠂ ᠠᠷᠠᠢ 700 ᠬᠦᠷᠬᠦ ᠦᠭᠡᠢ ᠪᠠᠶᠢᠵᠠᠢ᠃ ᠡᠨᠡ ᠪᠠᠶᠢᠳᠠᠯ ᠤᠨ ᠳᠣᠣᠷ᠎ᠠ᠂ ᠰᠤᠷᠭᠠᠭᠤᠯᠢ ᠶᠢᠨ | ᠬᠠᠮᠢᠶᠠᠷᠤᠯᠲᠠ᠂ ᠪᠠᠭᠰᠢ ᠨᠠᠷ ᠢᠶᠠᠨ ᠵᠣᠷᠢᠭᠵᠢᠭᠤᠯᠬᠤ᠂ ᠨᠡᠶᠢᠭᠡᠮ ᠳᠡᠭᠡᠷ᠎ᠡ ᠨᠥᠯᠥᠭᠡ ᠭᠠᠷᠭᠠᠬᠤ ᠵᠡᠷᠭᠡ ᠠᠵᠢᠯ ᠪᠦᠷ ᠴᠢᠬᠤᠯᠠ ᠪᠠᠶᠢᠭᠰᠠᠨ᠂ ᠢᠩᠭᠢᠭᠡᠳ ᠪᠦᠬᠦ | ᠲᠠᠯ᠎ᠠ ᠪᠠᠷ ᠥᠭᠡᠷᠡᠴᠢᠯᠡᠵᠦ ᠡᠬᠢᠯᠡᠯ᠎ᠡ᠃ ᠡᠬᠢᠯᠡᠭᠡᠳ ᠰᠠᠭᠤᠭᠠᠯᠢ ᠠᠷᠠᠳ ᠤᠨ ᠲᠣᠭᠤᠷᠢᠭ ᠪᠣᠯᠣᠨ ᠰᠤᠷᠭᠠᠭᠤᠯᠢ ᠶᠢᠨ ᠡᠭᠦᠳᠡ ᠨᠢᠭᠡ ᠯᠡ ᠪᠠᠶᠢᠭᠰᠠᠨ᠂ ᠰᠡᠭᠦᠯᠡᠷ | ᠨᠢ ᠰᠠᠯᠭᠠᠵᠤ ᠲᠠᠯᠪᠢᠯ᠎ᠠ᠃ ᠡᠨᠡ ᠰᠠᠭᠤᠷᠢᠨ ᠳᠡᠭᠡᠷ᠎ᠡ ᠪᠠᠰᠠ ᠣᠯᠠᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠭᠠᠷᠭᠠᠭᠰᠠᠨ ᠶᠤᠮ᠃ ᠤᠯᠤᠰ ᠢ ᠬᠠᠤᠯᠢ ᠪᠠᠷ | ᠬᠠᠮᠢᠶᠠᠷᠬᠤ ᠲᠠᠢ ᠠᠳᠠᠯᠢᠬᠠᠨ᠂ ᠰᠤᠷᠭᠠᠭᠤᠯᠢ ᠶᠢ ᠮᠥᠨ ᠳᠦᠷᠢᠮ ᠲᠣᠭᠲᠠᠭᠠᠯ ᠢᠶᠠᠷ ᠬᠠᠮᠢᠶᠠᠷᠬᠤ ᠬᠡᠷᠡᠭᠲᠡᠢ᠂ ᠡᠨᠡ ᠶᠡᠭᠡ ᠴᠢᠬᠤᠯᠠ᠃ ᠨᠥᠭᠦᠭᠡ ᠲᠠᠯ᠎ᠠ ᠪᠠᠷ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠰᠠᠶᠢᠵᠢᠷᠠᠭᠤᠯᠤᠯᠠ᠃ ᠡᠨᠡ ᠠᠷᠪᠠᠭᠠᠳ ᠵᠢᠯ ᠳᠤ ᠮᠠᠨ ᠤ ᠤᠯᠤᠰ ᠤᠨ ᠰᠤᠷᠭᠠᠨ ᠬᠥᠮᠥᠵᠢᠯ ᠤᠨ ᠵᠢᠯᠣᠭᠤᠳᠬᠤ ᠦᠵᠡᠯ | ᠰᠠᠨᠠᠭ᠎ᠠ ᠪᠠᠰᠠ ᠬᠡᠳᠦ ᠤᠳᠠᠭ᠎ᠠ ᠬᠤᠪᠢᠷᠠᠭᠰᠠᠨ ᠶᠤᠮ᠃ ᠡᠨᠡ ᠣᠯᠠᠨ ᠶᠠᠪᠤᠴᠠ ᠶᠢ ᠪᠢᠳᠠ ᠪᠦᠭᠦᠳᠡ ᠶᠢ ᠥᠩᠭᠡᠷᠡᠭᠦᠯᠵᠡᠢ᠃ ᠰᠤᠷᠭᠠᠭᠤᠯᠢ ᠶᠢᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠮᠠᠨ ᠤ ᠡᠯ᠎ᠡ ᠱᠠᠲᠤᠨ ᠤ ᠪᠠᠭᠰᠢ ᠤᠳᠤᠷᠢᠳᠤᠯᠭ᠎ᠠ ᠨᠠᠷ ᠲᠤᠩ ᠶᠡᠭᠡ ᠬᠦᠴᠦ ᠬᠥᠯᠥᠰᠦ ᠵᠠᠷᠤᠴᠠᠭᠤᠯᠤᠭᠰᠠᠨ | ᠶᠤᠮ᠃ ᠪᠢᠳᠠ ᠣᠷᠣᠵᠤ ᠢᠷᠡᠭᠰᠡᠨ ᠰᠤᠷᠤᠭᠴᠢ ᠪᠠᠨ ᠥᠪᠡᠷ ᠤᠨ ᠢᠶᠠᠨ ᠴᠢᠳᠠᠯ ᠤᠨ ᠬᠡᠪᠴᠢᠶᠡᠨ ᠳᠣᠲᠣᠷ᠎ᠠ ᠶᠣᠰᠣ ᠰᠤᠷᠭᠠᠵᠤ ᠭᠠᠷᠭᠠᠬᠤ ᠪᠠᠷ ᠴᠢᠷᠮᠠᠶᠢᠵᠠᠢ᠃ | ᠢᠩᠭᠢᠭᠡᠳ ᠢᠳᠡᠭ ᠢᠳᠡᠭ ᠢᠶᠠᠷ ᠮᠠᠨ ᠤ ᠰᠤᠷᠭᠠᠭᠤᠯᠢ ᠶᠢᠨ ᠨᠥᠯᠥᠭᠡ ᠨᠡᠮᠡᠭᠳᠡᠵᠦ ᠡᠬᠢᠯᠡᠯ᠎ᠡ᠃ | ᠣᠶᠢᠷ᠎ᠠ ᠶᠢᠨ ᠬᠡᠳᠦᠨ ᠵᠢᠯ ᠳᠤ ᠮᠣᠩᠭᠤᠯ ᠰᠤᠷᠤᠭᠴᠢ ᠶᠢᠨ ᠲᠤᠭ᠎ᠠ ᠨᠡᠮᠡᠭᠳᠡᠵᠦ ᠪᠠᠶᠢᠭ᠎ᠠ ᠨᠢ ᠲᠥᠷᠥ ᠶᠢᠨ ᠪᠣᠳᠣᠯᠭ᠎ᠠ ᠲᠠᠢ ᠶᠡᠭᠡ ᠬᠤᠯᠪᠣᠭ᠎ᠠ ᠲᠠᠢ ᠶᠤᠮ᠃ | ᠥᠪᠥᠷ ᠮᠣᠩᠭᠤᠯ ᠤᠨ ᠨᠠᠮ ᠵᠠᠰᠠᠭ ᠦᠨᠳᠦᠰᠦᠲᠡᠨ ᠤ ᠰᠤᠷᠭᠠᠨ ᠬᠥᠮᠥᠵᠢᠯ ᠢ ᠶᠡᠭᠡ ᠪᠠᠷ ᠴᠢᠩᠭᠠᠳᠬᠠᠵᠤ ᠬᠦᠨᠳᠦᠳᠬᠡᠨ ᠦᠵᠡᠵᠦ ᠪᠠᠶᠢᠨ᠎ᠠ᠃ ᠵᠢᠱᠢᠶᠡᠯᠡᠬᠦ ᠳᠤ᠂ | ᠪᠠᠭᠠᠲᠤᠷ ᠲᠡᠷᠢᠭᠦᠯᠡᠭᠴᠢ ᠶᠢᠨ ᠦᠶ᠎ᠡ ᠠᠴᠠ ᠡᠬᠢᠯᠡᠨ᠂ ᠣᠯᠠᠨ ᠲᠣᠭᠲᠠᠭᠠᠯ ᠭᠠᠷᠭᠠᠵᠤ ᠦᠨᠳᠦᠰᠦᠲᠡᠨ ᠤ ᠰᠤᠷᠭᠠᠨ ᠬᠥᠮᠥᠵᠢᠯ ᠢ ᠳᠡᠮᠵᠢᠵᠡᠢ᠃ ᠡᠭᠦᠨ ᠳᠤ | ᠮᠣᠩᠭᠤᠯ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠤᠯᠤᠰ ᠠᠴᠠ ᠳᠠᠭᠠᠭᠠᠵᠤ ᠠᠪᠬᠤ ᠪᠣᠯᠣᠭᠰᠠᠨ᠃ ᠣᠶᠢᠷ᠎ᠠ ᠶᠢᠨ ᠬᠡᠳᠦᠨ ᠵᠢᠯ ᠳᠤ᠂ ᠬᠥᠳᠡᠭᠡ | ᠨᠤᠲᠤᠭ ᠲᠤ ᠰᠤᠷᠭᠠᠭᠤᠯᠢ ᠶᠢ ᠲᠥᠪᠯᠡᠷᠡᠭᠦᠯᠦᠨ ᠴᠣᠮᠬᠠᠳᠬᠠᠵᠤ᠂ ᠬᠤᠰᠢᠭᠤ ᠪᠣᠯᠣᠨ ᠶᠡᠭᠡ ᠬᠤᠲᠠ ᠳᠤ ᠰᠤᠷᠭᠠᠭᠤᠯᠢ ᠨᠡᠭᠦᠵᠦ᠂ ᠡᠨᠡ ᠨᠢ ᠭᠡᠷ ᠤᠨ ᠠᠬᠠᠮᠠᠳ | ᠪᠣᠯᠣᠨ ᠰᠤᠷᠤᠭᠴᠢ ᠨᠠᠷ ᠲᠤ ᠶᠡᠭᠡ ᠣᠯᠠᠨ ᠬᠦᠴᠢᠷ ᠲᠤᠯᠭᠠᠷᠠᠭᠤᠯᠤᠭᠰᠠᠨ ᠶᠤᠮ᠃ ᠰᠤᠷᠭᠠᠭᠤᠯᠢ ᠶᠢ ᠨᠡᠶᠢᠯᠡᠭᠦᠯᠵᠦ ᠴᠣᠮᠬᠠᠳᠬᠠᠭᠰᠠᠨ ᠠᠴᠠ ᠬᠤᠶᠢᠰᠢ | ᠰᠤᠷᠤᠭᠴᠢᠳ ᠪᠦᠷ ᠰᠤᠷᠭᠠᠭᠤᠯᠢ ᠳᠤ ᠰᠠᠭᠤᠬᠤ ᠬᠡᠷᠡᠭᠲᠡᠢ ᠪᠣᠯᠵᠠᠢ᠂ ᠪᠠᠶᠢᠷᠢ ᠳᠤ ᠰᠠᠭᠤᠭᠰᠠᠨ ᠰᠤᠷᠤᠭᠴᠢ ᠶᠢᠨ ᠪᠦᠬᠦ ᠵᠠᠷᠤᠳᠠᠯ ᠢ ᠪᠦᠷ ᠤᠯᠤᠰ ᠠᠴᠠ | ᠥᠭᠭᠦᠭᠰᠡᠨ ᠪᠣᠯᠪᠠᠴᠤ ᠰᠤᠷᠭᠠᠭᠤᠯᠢ ᠰᠢᠯᠵᠢᠭᠰᠡᠨ ᠠᠴᠠ ᠪᠣᠯᠵᠤ ᠭᠡᠷ ᠪᠦᠯᠢ ᠳᠤ ᠲᠣᠮᠣᠬᠠᠨ ᠠᠵᠤ ᠠᠬᠤᠢ ᠶᠢᠨ ᠳᠠᠷᠤᠭᠠᠰᠤ ᠪᠣᠯᠣᠭᠰᠠᠨ ᠶᠤᠮ᠃ ᠡᠶᠢᠮᠦ | ᠪᠠᠶᠢᠳᠠᠯ ᠳᠤ ᠪᠠᠶᠢᠷᠢ ᠳᠤ ᠰᠠᠭᠤᠬᠤ ᠰᠤᠷᠤᠭᠴᠢ ᠳᠤ ᠠᠮᠢᠳᠤᠷᠠᠯ ᠤᠨ ᠨᠥᠬᠦᠪᠦᠷᠢ ᠥᠭᠬᠦ ᠪᠣᠯᠣᠯ᠎ᠠ᠃ ᠪᠠᠰᠠ ᠨᠢᠭᠡ ᠰᠠᠶᠢᠨ ᠲᠥᠷᠥ ᠶᠢᠨ ᠪᠣᠳᠣᠯᠭ᠎ᠠ ᠨᠢ ᠭᠡᠪᠡᠯ᠂ | ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠪᠠᠶᠢᠭᠤᠯᠭ᠎ᠠ᠂ ᠤᠯᠤᠰ ᠤᠨ ᠠᠯᠪᠠᠲᠠᠨ᠂ ᠤᠯᠤᠰ ᠤᠨ ᠥᠮᠴᠢᠯᠡᠯ ᠤᠨ ᠦᠢᠯᠡᠳᠪᠦᠷᠢ ᠠᠭᠤᠷᠬᠠᠢ ᠳᠤ | ᠮᠣᠩᠭᠤᠯ ᠢᠶᠠᠷ ᠰᠤᠷᠤᠯᠴᠠᠭᠰᠠᠨ ᠰᠤᠷᠤᠭᠴᠢ ᠶᠢ ᠵᠣᠬᠢᠬᠤ ᠬᠠᠷᠢᠴᠠᠯ ᠢᠶᠠᠷ ᠡᠯᠰᠡᠵᠦ ᠠᠪᠬᠤ ᠲᠥᠷᠥ ᠶᠢᠨ ᠪᠣᠳᠣᠯᠭ᠎ᠠ ᠲᠣᠭᠲᠠᠭᠠᠨ ᠬᠡᠷᠡᠭᠵᠢᠭᠦᠯᠵᠡᠢ᠃ ᠡᠨᠡ ᠪᠣᠯ | ᠲᠤᠩ ᠵᠣᠷᠢᠭᠵᠢᠭᠤᠯᠤᠯ ᠪᠣᠯᠣᠭᠰᠠᠨ ᠶᠤᠮ᠃ ᠳᠡᠭᠡᠷ᠎ᠡ ᠠᠴᠠ ᠨᠢ ᠵᠠᠯᠠᠭᠤ ᠦᠶ᠎ᠡ ᠶᠢᠨ ᠬᠥᠮᠥᠰ ᠲᠤᠩ ᠤᠬᠠᠮᠰᠠᠷᠠᠵᠠᠢ᠃ ᠪᠠᠰᠠ ᠲᠡᠭᠡᠪᠡᠯ ᠮᠠᠨ ᠤ ᠥᠪᠥᠷ | ᠮᠣᠩᠭᠤᠯ ᠤᠨ ᠮᠣᠩᠭᠤᠯ ᠰᠤᠷᠭᠠᠭᠤᠯᠢ ᠶᠢᠨ ᠰᠤᠷᠤᠭᠴᠢᠳ ᠬᠤᠪᠢ ᠨᠢ ᠬᠦᠷᠳᠡᠭ ᠶᠤᠮ ᠪᠣᠯ᠂ ᠪᠦᠬᠦ ᠤᠯᠤᠰ ᠤᠨ ᠠᠯᠢ ᠴᠦ ᠶᠡᠭᠡ ᠳᠡᠭᠡᠳᠦ ᠰᠤᠷᠭᠠᠭᠤᠯᠢ ᠳᠤ | ᠨᠡᠷ᠎ᠡ ᠮᠡᠳᠡᠭᠦᠯᠵᠦ ᠪᠣᠯᠣᠨ᠎ᠠ᠃ ᠡᠨᠡ ᠪᠣᠯ ᠰᠤᠷᠤᠭᠴᠢ ᠶᠢᠨ ᠰᠤᠷᠭᠠᠭᠤᠯᠢ ᠳᠤ ᠣᠷᠣᠬᠤ ᠠᠴᠠ ᠲᠡᠭᠦᠰᠬᠦ ᠬᠦᠷᠲᠡᠯᠡᠬᠢ ᠨᠠᠷᠢᠨ ᠲᠥᠷᠥ ᠶᠢᠨ ᠪᠣᠳᠣᠯᠭ᠎ᠠ ᠶᠤᠮ᠃ | ᠢᠩᠭᠢᠭᠡᠳ ᠰᠤᠷᠤᠭᠴᠢ ᠶᠡᠭᠡ ᠪᠠᠷ ᠨᠡᠮᠡᠭᠳᠡᠵᠡᠢ᠃ | ᠰᠤᠷᠪᠤᠯᠵᠢᠯᠠᠭᠴᠢ᠄ ᠣᠳᠣ ᠲᠤᠯᠭᠠᠮᠳᠠᠵᠤ ᠪᠠᠶᠢᠭ᠎ᠠ ᠠᠰᠠᠭᠤᠳᠠᠯ ᠭᠡᠪᠡᠯ ᠶᠠᠭᠤ ᠪᠠᠶᠢᠨ᠎ᠠ ᠪᠣᠢ︖ | ᠠᠪᠤᠷᠭᠤ᠄ ᠮᠢᠨᠤ ᠦᠵᠡᠬᠦ ᠪᠠᠷ᠂ ᠬᠥᠬᠡᠬᠤᠲᠠ ᠳᠤ ᠮᠣᠩᠭᠤᠯ ᠰᠤᠷᠭᠠᠭᠤᠯᠢ ᠶᠢᠨ ᠡᠬᠢ ᠪᠠᠶᠠᠯᠢᠭ ᠳᠤᠲᠠᠵᠤ ᠪᠠᠶᠢᠨ᠎ᠠ᠃ ᠰᠢᠯᠲᠠᠭᠠᠨ ᠭᠡᠪᠡᠯ ᠭᠤᠷᠪᠠ | ᠪᠠᠶᠢᠭ᠎ᠠ ᠶᠤᠮ᠃ ᠨᠢᠭᠡ ᠳᠤ᠂ ᠣᠳᠣ ᠮᠣᠩᠭᠤᠯ ᠵᠠᠯᠠᠭᠤᠴᠤᠳ ᠬᠡᠦᠬᠡᠳ ᠢᠶᠠᠨ ᠪᠦᠷ ᠮᠣᠩᠭᠤᠯ ᠢᠶᠠᠷ ᠰᠤᠷᠭᠠᠬᠤ ᠤᠬᠠᠮᠰᠠᠷ ᠲᠠᠢ ᠪᠣᠯᠵᠠᠢ᠃ ᠬᠤᠶᠠᠷ ᠲᠤ᠂ | ᠬᠥᠳᠡᠭᠡ ᠶᠢᠨ ᠠᠷᠠᠳ ᠶᠡᠭᠡ ᠬᠡᠮᠵᠢᠶ᠎ᠡ ᠪᠠᠷ ᠣᠷᠣᠵᠤ ᠢᠷᠠᠵᠤ ᠪᠠᠶᠢᠨ᠎ᠠ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠨᠥᠯᠥᠭᠡ ᠪᠠᠶᠢᠨ᠎ᠠ᠃ ᠣᠳᠣ ᠣᠯᠠᠩᠬᠢ | ᠮᠣᠩᠭᠤᠯᠴᠤᠳ ᠬᠡᠦᠬᠡᠳ ᠢᠶᠠᠨ ᠮᠣᠩᠭᠤᠯ ᠰᠤᠷᠭᠠᠭᠤᠯᠢ ᠳᠤ ᠥᠭᠬᠦ ᠳᠤᠷᠠᠲᠠᠢ ᠪᠣᠯᠵᠠᠢ᠃ ᠣᠳᠣ ᠰᠤᠷᠤᠭᠴᠢ ᠶᠢᠨ ᠲᠤᠭ᠎ᠠ ᠨᠡᠮᠡᠭᠳᠡᠬᠦ ᠶᠢ ᠳᠠᠭᠠᠯᠳᠤᠨ᠂ | ᠤᠤᠯ ᠤᠨ ᠰᠤᠷᠭᠠᠭᠤᠯᠢ ᠶᠢᠨ ᠡᠬᠢ ᠪᠠᠶᠠᠯᠢᠭ ᠬᠦᠷᠬᠦ ᠪᠠᠨ ᠪᠣᠯᠢᠭᠰᠠᠨ ᠶᠤᠮ᠃ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠤᠤᠯ ᠨᠢ 1500 | ᠰᠤᠷᠤᠭᠴᠢ ᠶᠢᠨ ᠪᠠᠭᠲᠠᠭᠠᠮᠵᠢ ᠲᠠᠢ᠂ ᠪᠢᠳᠠ ᠡᠨᠡ ᠪᠠᠭᠲᠠᠭᠠᠮᠵᠢ ᠶᠢ ᠬᠤᠪᠢᠷᠠᠭᠤᠯᠤᠭᠠᠳ ᠲᠦᠮᠡ ᠢᠯᠡᠭᠦᠦ ᠪᠣᠯᠭᠠᠭᠰᠠᠨ ᠪᠣᠯᠪᠠᠴᠤ ᠣᠳᠣ ᠪᠠᠰᠠ ᠯᠡ ᠪᠠᠭᠲᠠᠬᠤ | ᠦᠭᠡᠢ ᠪᠠᠶᠢᠨ᠎ᠠ᠃ ᠡᠭᠦᠨ ᠢ ᠵᠣᠬᠢᠴᠠᠭᠤᠯᠬᠤ ᠬᠡᠷᠡᠭᠲᠡᠢ᠃ | ᠬᠥᠬᠡᠬᠤᠲᠠ ᠶᠢᠨ ᠰᠠᠶᠢᠬᠠᠨ ᠲᠣᠭᠤᠷᠢᠭ ᠤᠨ ᠮᠣᠩᠭᠤᠯ ᠰᠤᠷᠭᠠᠨ ᠬᠥᠮᠥᠵᠢᠯ ᠶᠡᠭᠡ ᠰᠠᠶᠢᠨ ᠬᠥᠭᠵᠢᠵᠦ ᠪᠠᠶᠢᠨ᠎ᠠ᠂ ᠲᠡᠨᠳᠡ ᠣᠯᠠᠨ ᠰᠤᠷᠭᠠᠭᠤᠯᠢ ᠴᠡᠴᠡᠷᠯᠢᠭ | ᠪᠠᠶᠢᠭ᠎ᠠ ᠪᠥᠭᠡᠳ ᠪᠠᠰᠠ ᠪᠠᠰᠠ ᠪᠠᠶᠢᠭᠤᠯᠵᠤ ᠪᠣᠢ᠂ ᠡᠶᠢᠮᠦ ᠠᠴᠠ ᠬᠥᠬᠡᠬᠤᠲᠠ ᠶᠢᠨ ᠡᠮᠦᠨ᠎ᠡ ᠵᠠᠬ᠎ᠠ ᠳᠤ ᠬᠡᠷᠡᠭᠴᠡᠭᠡ ᠶᠢ ᠨᠢ ᠬᠠᠩᠭᠠᠵᠤ ᠳᠡᠶᠢᠯᠦᠨ᠎ᠡ᠃ ᠭᠡᠪᠡᠴᠦ | ᠬᠥᠬᠡᠬᠤᠲᠠ ᠶᠢᠨ ᠬᠤᠶᠢᠲᠤ ᠵᠠᠬ᠎ᠠ ᠳᠤ ᠮᠣᠩᠭᠤᠯ ᠰᠤᠷᠭᠠᠭᠤᠯᠢ ᠴᠡᠴᠡᠷᠯᠢᠭ ᠳᠤᠲᠠᠵᠤ ᠪᠣᠢ᠃ | ᠰᠤᠷᠪᠤᠯᠵᠢᠯᠠᠭᠴᠢ᠄ ᠣᠳᠣᠬᠠᠨ ᠳᠤ ᠦᠨᠳᠦᠰᠦᠲᠡᠨ ᠤ ᠰᠤᠷᠭᠠᠨ ᠬᠥᠮᠥᠵᠢᠯ ᠳᠤ ᠶᠠᠮᠠᠷ ᠠᠵᠢᠯ ᠢ ᠬᠢᠬᠦ ᠲᠤᠯᠭᠠᠮ᠎ᠠ ᠱᠠᠭᠠᠷᠳᠠᠯᠭ᠎ᠠ ᠲᠠᠢ ᠪᠣᠯᠣᠭᠠᠳ | ᠪᠠᠶᠢᠨ᠎ᠠ ᠪᠣᠢ︖ | ᠠᠪᠤᠷᠭᠤ᠄ ᠣᠳᠣ ᠥᠪᠥᠷ ᠮᠣᠩᠭᠤᠯ ᠤᠨ ᠲᠥᠷᠥ ᠶᠢᠨ ᠪᠣᠳᠣᠯᠭ᠎ᠠ ᠶᠡᠭᠡ ᠰᠠᠶᠢᠨ᠂ ᠣᠷᠴᠢᠮ ᠤᠨ ᠬᠡᠳᠦᠨ ᠵᠢᠯ ᠳᠤ ᠭᠡᠷ ᠪᠠᠷᠢᠯᠭ᠎ᠠ ᠲᠣᠨᠤᠭ | ᠲᠥᠬᠦᠭᠡᠷᠦᠮᠵᠢ ᠪᠦᠷ ᠰᠠᠶᠢᠨ ᠪᠣᠯᠵᠠᠢ᠃ ᠣᠳᠣ ᠮᠣᠩᠭᠤᠯᠴᠤᠳ ᠥᠪᠡᠷᠲᠡᠭᠡᠨ ᠴᠢᠷᠮᠠᠶᠢᠬᠤ ᠬᠡᠷᠡᠭᠲᠡᠢ᠃ ᠠᠰᠠᠷ ᠲᠠᠭᠲᠤ ᠶᠢ ᠠᠯᠲᠠ ᠮᠥᠩᠭᠦ ᠪᠠᠷ ᠪᠠᠷᠢᠭᠰᠠᠨ | ᠴᠦ ᠬᠥᠮᠥᠨ ᠤ ᠴᠢᠷᠮᠠᠶᠢᠯᠭ᠎ᠠ ᠬᠡᠷᠡᠭᠲᠡᠢ᠃ ᠮᠣᠩᠭᠤᠯ ᠰᠤᠷᠭᠠᠭᠤᠯᠢ ᠨᠡᠶᠢᠭᠡᠮ ᠤᠨ ᠨᠥᠯᠥᠭᠡ ᠶᠢ ᠠᠪᠴᠤ ᠪᠣᠯᠬᠤ ᠦᠭᠡᠢ᠃ ᠬᠢᠲᠠᠳ ᠰᠤᠷᠭᠠᠭᠤᠯᠢ ᠶᠢᠨ ᠬᠥᠮᠥᠨ | ᠠᠷᠪᠢᠨ᠂ ᠠᠩᠬᠠᠷᠬᠤ ᠬᠥᠮᠥᠨ ᠨᠢ ᠴᠦ ᠠᠷᠪᠢᠨ᠃ ᠡᠶᠢᠮᠦ ᠠᠴᠠ ᠭᠡᠷ ᠤᠨ ᠠᠬᠠᠮᠠᠳ ᠬᠡᠳᠦᠶᠢᠪᠡᠷ ᠮᠣᠩᠭᠤᠯ ᠰᠤᠷᠭᠠᠭᠤᠯᠢ ᠪᠠᠨ ᠠᠩᠬᠠᠷᠤᠭᠰᠠᠨ ᠴᠦ ᠮᠣᠩᠭᠤᠯ | ᠪᠠᠭᠰᠢ ᠨᠠᠷ ᠤᠨ ᠪᠠᠶᠢᠷᠢ ᠰᠠᠭᠤᠷᠢ ᠬᠠᠰᠢ ᠯᠡ ᠬᠠᠷᠢᠴᠠᠩᠭᠤᠢ ᠳᠣᠣᠷ᠎ᠠ ᠪᠠᠶᠢᠨ᠎ᠠ᠃ ᠬᠢᠲᠠᠳ ᠰᠤᠷᠭᠠᠭᠤᠯᠢ ᠶᠢᠨ ᠪᠠᠭᠰᠢ ᠬᠢᠴᠢᠶᠡᠯ ᠤᠨ ᠭᠠᠳᠠᠨ᠎ᠠ ᠳᠠᠪᠲᠠᠬᠤ | ᠠᠩᠭᠢ ᠬᠢᠵᠦ᠂ ᠣᠯᠠᠨ ᠵᠣᠭᠤᠰ ᠮᠥᠩᠭᠦ ᠣᠯᠵᠤ ᠪᠠᠶᠢᠨ᠎ᠠ᠂ ᠨᠢᠭᠡ ᠵᠢᠯ ᠳᠤ ᠲᠡᠷᠭᠡ ᠭᠡᠷ ᠢᠶᠠᠨ ᠪᠦᠷ ᠠᠪᠴᠤ ᠳᠡᠶᠢᠯᠬᠦ ᠮᠥᠩᠭᠦ ᠪᠠᠨ ᠣᠯᠵᠤ ᠳᠡᠶᠢᠯᠦᠨ᠎ᠡ᠃ | ᠭᠡᠪᠡᠴᠦ ᠮᠣᠩᠭᠤᠯ ᠪᠠᠭᠰᠢ ᠨᠠᠷ ᠳᠡᠶᠢᠯᠬᠦ ᠦᠭᠡᠢ᠃ ᠭᠡᠪᠡᠴᠦ ᠮᠣᠩᠭᠤᠯ ᠪᠠᠭᠰᠢ ᠡᠭᠦᠨ ᠳᠤ ᠰᠢᠨᠤᠵᠤ᠂ ᠠᠲᠠᠭᠠᠷᠬᠠᠵᠤ ᠪᠣᠯᠬᠤ ᠦᠭᠡᠢ᠂ ᠮᠣᠩᠭᠤᠯ ᠪᠠᠭᠰᠢ | ᠪᠣᠯᠣᠭᠰᠠᠨ ᠤ ᠬᠤᠪᠢ ᠳᠤ᠂ ᠮᠣᠩᠭᠤᠯ ᠰᠣᠶᠣᠯ ᠤᠯᠠᠮᠵᠢᠯᠠᠯ ᠢᠶᠠᠨ ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠬᠡᠷᠡᠭᠲᠡᠢ᠂ ᠡᠨᠡ ᠪᠣᠯ ᠮᠣᠩᠭᠤᠯ ᠪᠠᠭᠰᠢ ᠨᠠᠷ ᠤᠨ | ᠨᠡᠶᠢᠭᠡᠮ ᠤᠨ ᠦᠷ᠎ᠡ ᠠᠰᠢᠭ ᠨᠢ ᠪᠠᠶᠢᠭ᠎ᠠ ᠶᠤᠮ᠃ | ᠬᠥᠬᠡᠬᠤᠲᠠ ᠶᠢᠨ ᠮᠣᠩᠭᠤᠯ ᠰᠤᠷᠭᠠᠭᠤᠯᠢ ᠬᠡᠳᠦᠶᠢᠪᠡᠷ ᠡᠩ ᠤᠨ ᠰᠤᠷᠭᠠᠭᠤᠯᠢ ᠪᠣᠯᠪᠠᠴᠤ ᠡᠨᠡ ᠰᠤᠷᠭᠠᠭᠤᠯᠢ ᠶᠢᠨ ᠣᠷᠣᠰᠢᠨ ᠲᠣᠭᠲᠠᠨᠢᠬᠤ ᠤᠳᠬ᠎ᠠ | ᠠᠭᠤᠯᠭ᠎ᠠ ᠠᠳᠠᠯᠢ ᠦᠭᠡᠢ᠂ ᠮᠠᠨ ᠤ ᠰᠤᠷᠭᠠᠭᠤᠯᠢ ᠪᠣᠯ ᠨᠢᠭᠡ ᠶᠣᠰᠣᠨ ᠳᠠᠭᠠᠨ ᠬᠥᠬᠡᠬᠤᠲᠠ ᠶᠢᠨ ᠦᠨᠳᠦᠰᠦᠲᠡᠨ ᠤ ᠰᠤᠷᠭᠠᠨ ᠬᠥᠮᠥᠵᠢᠯ ᠤᠨ ᠲᠤᠭ ᠲᠡᠮᠳᠡᠭ | ᠪᠠᠶᠢᠭ᠎ᠠ ᠶᠤᠮ᠃ ᠪᠢ ᠵᠠᠬᠢᠷᠤᠯ ᠪᠠᠶᠢᠬᠤ ᠳᠠᠭᠠᠨ ᠶᠠᠷᠢᠳᠠᠭ᠂ ᠮᠠᠨ ᠤ ᠰᠤᠷᠭᠠᠭᠤᠯᠢ ᠶᠠᠭᠠᠬᠢᠵᠤ ᠬᠥᠭᠵᠢᠬᠦ ᠨᠢ ᠪᠦᠬᠦ ᠥᠪᠥᠷ ᠮᠣᠩᠭᠤᠯ ᠢ ᠨᠥᠯᠥᠭᠡᠯᠡᠨ᠎ᠡ᠂ ᠪᠦᠬᠦ | ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭᠵᠢᠯᠲᠡ ᠨᠢ ᠪᠦᠬᠦ ᠤᠯᠤᠰ ᠤᠨ ᠪᠤᠰᠤᠳ ᠦᠨᠳᠦᠰᠦᠲᠡᠨ ᠨᠦᠭᠦᠳ ᠤᠨ ᠰᠤᠷᠭᠠᠨ | ᠬᠥᠮᠥᠵᠢᠯ ᠢ ᠨᠥᠯᠥᠭᠡᠯᠡᠨ᠎ᠡ᠃ ᠴᠢ ᠬᠥᠮᠥᠨ ᠠᠴᠠ ᠢᠯᠡᠭᠦᠦ ᠵᠦᠳᠡᠷᠡᠬᠦ ᠮᠠᠭᠠᠳ ᠦᠭᠡᠢ᠂ ᠬᠥᠮᠥᠨ ᠠᠴᠠ ᠪᠠᠭ᠎ᠠ ᠣᠯᠬᠤ ᠮᠠᠭᠠᠳ ᠦᠭᠡᠢ᠂ ᠭᠡᠪᠡᠴᠦ ᠮᠣᠩᠭᠤᠯ | ᠪᠠᠭᠰᠢ ᠪᠣᠯᠣᠭᠰᠠᠨ ᠤ ᠬᠤᠪᠢ ᠳᠤ ᠡᠨᠡ ᠲᠠᠯ᠎ᠠ ᠪᠠᠷ ᠰᠥᠰᠥ ᠭᠠᠷᠭᠠᠨ ᠴᠢᠷᠮᠠᠶᠢᠬᠤ ᠬᠡᠷᠡᠭᠲᠡᠢ᠃ ᠮᠠᠨ ᠤ ᠮᠣᠩᠭᠤᠯ ᠰᠤᠷᠭᠠᠨ ᠬᠥᠮᠥᠵᠢᠯ ᠬᠡᠳᠦᠶᠢᠪᠡᠷ ᠤᠳᠠᠭᠠᠨ | ᠵᠢᠯ ᠪᠣᠯᠣᠭᠰᠠᠨ ᠪᠣᠯᠪᠠᠴᠤ ᠲᠡᠭᠡᠵᠦ ᠰᠢᠰᠲ᠋ᠧᠮᠵᠢᠵᠦ ᠬᠥᠭᠵᠢᠵᠦ ᠳᠡᠶᠢᠯᠦᠭᠡ ᠦᠭᠡᠢ᠂ ᠡᠨᠡ ᠬᠤᠶᠠᠷ ᠵᠢᠯ ᠰᠠᠶ᠋ᠢ ᠬᠥᠭᠵᠢᠵᠦ ᠢᠷᠠᠵᠠᠢ᠃ ᠰᠤᠷᠭᠠᠭᠤᠯᠢ ᠶᠢᠨ | ᠵᠠᠬᠢᠷᠤᠯ ᠪᠣᠯ ᠨᠢᠭᠡᠨ ᠵᠠᠩᠭᠢᠯᠠᠭ᠎ᠠ ᠶᠤᠮ᠃ ᠵᠠᠬᠢᠷᠤᠯ ᠪᠣᠯᠬᠤ ᠦᠭᠡᠢ ᠪᠣᠯ ᠭᠤᠷᠪᠠᠨ ᠵᠢᠯ ᠳᠤ ᠰᠤᠷᠭᠠᠭᠤᠯᠢ ᠳᠣᠷᠣᠶᠢᠲᠠᠨᠠ᠂ ᠭᠡᠪᠡᠴᠦ ᠳᠠᠬᠢᠵᠤ ᠪᠣᠰᠬᠠᠬᠤ ᠳᠤ | ᠠᠷᠪᠠᠨ ᠵᠢᠯ ᠦᠭᠡᠢ ᠪᠣᠯ ᠳᠡᠶᠢᠯᠬᠦ ᠦᠭᠡᠢ᠃ ᠮᠣᠩᠭᠤᠯ ᠪᠠᠭᠰᠢ ᠨᠠᠷ ᠰᠡᠯᠡᠭᠦᠦ ᠲᠠᠶᠢᠪᠤᠭᠤ ᠪᠠᠶᠢᠳᠠᠭ᠂ ᠭᠡᠪᠡᠴᠦ ᠣᠳᠣ ᠶᠢᠨ ᠥᠷᠢᠰᠦᠯᠳᠦᠭᠡᠨ ᠤ ᠴᠠᠭ | ᠦᠶ᠎ᠡ ᠳᠤ ᠪᠢᠳᠠ ᠲᠠᠶᠢᠪᠤᠭᠤ ᠪᠠᠶᠢᠵᠤ ᠪᠣᠯᠬᠤ ᠦᠭᠡᠢ᠂ ᠮᠠᠨ ᠤ ᠪᠠᠭᠰᠢ ᠨᠠᠷ ᠴᠢᠷᠮᠠᠶᠢᠬᠤ ᠬᠡᠷᠡᠭᠲᠡᠢ᠃ ᠪᠢᠳᠠ ᠰᠤᠷᠤᠭᠴᠢ ᠶᠢᠨ ᠣᠢ ᠪᠢᠯᠢᠭ ᠢ ᠬᠥᠭᠵᠢᠭᠦᠯᠦᠨ᠎ᠡ | ᠂ ᠰᠤᠷᠬᠤ ᠴᠢᠳᠠᠪᠤᠷᠢ ᠶᠢ ᠨᠢ ᠬᠥᠭᠵᠢᠭᠦᠯᠬᠦ ᠬᠡᠷᠡᠭᠲᠡᠢ᠂ ᠰᠤᠷᠤᠭᠴᠢ ᠪᠠᠨ ᠠᠮᠢᠳᠤᠯᠢᠭ ᠰᠤᠷᠭᠠᠬᠤ ᠬᠡᠷᠡᠭᠲᠡᠢ᠂ ᠡᠨᠡ ᠪᠣᠯ ᠰᠤᠷᠭᠠᠨ ᠬᠥᠮᠥᠵᠢᠯ ᠤᠨ ᠡᠴᠦᠰ ᠤᠨ | ᠬᠠᠷᠠᠯᠲᠠ ᠶᠤᠮ᠃ | ᠲᠠᠨᠢᠯᠴᠠᠭᠤᠯᠭ᠎ᠠ᠄ ᠠᠪᠤᠷᠭᠤ᠂ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠳᠤᠮᠳᠠᠳᠤ ᠰᠤᠷᠭᠠᠭᠤᠯᠢ ᠶᠢᠨ ᠳᠡᠭᠡᠳᠦ ᠳᠡᠰ ᠤᠨ ᠪᠠᠭᠰᠢ ᠶᠢᠨ ᠠᠵᠢᠯ ᠮᠡᠷᠭᠡᠵᠢᠯ ᠤᠨ ᠴᠣᠯᠠ ᠲᠠᠢ᠃ 1989 ᠣᠨ ᠤ 9 ᠳ᠋ᠦ᠋ᠭᠡᠷ ᠰᠠᠷ᠎ᠠ ᠠᠴᠠ 1997 | ᠣᠨ ᠤ 5 ᠳ᠋ᠤᠭᠠᠷ ᠰᠠᠷ᠎ᠠ ᠪᠣᠯᠲᠠᠯ᠎ᠠ ᠬᠥᠬᠡᠬᠤᠲᠠ ᠶᠢᠨ ᠬᠢᠩᠭᠠᠨ ᠵᠠᠮ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ᠂ 1997 | ᠣᠨ ᠤ 6 ᠳ᠋ᠤᠭᠠᠷ ᠰᠠᠷ᠎ᠠ ᠠᠴᠠ 2018 ᠣᠨ ᠤ 5 ᠳ᠋ᠤᠭᠠᠷ ᠰᠠᠷ᠎ᠠ ᠪᠣᠯᠲᠠᠯ᠎ᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ | ᠵᠠᠬᠢᠷᠤᠯ ᠢᠶᠠᠷ ᠠᠵᠢᠯᠯᠠᠵᠠᠢ᠃ ᠤᠳᠠᠭᠠᠨ ᠵᠢᠯ ᠤᠨ ᠲᠤᠷᠰᠢ ᠦᠨᠳᠦᠰᠦᠲᠡᠨ ᠤ ᠰᠤᠷᠭᠠᠨ ᠬᠥᠮᠥᠵᠢᠯ ᠤᠨ ᠨᠢᠭᠡᠳᠦᠭᠡᠷ ᠹᠷᠣᠨᠲ ᠳᠤ ᠠᠵᠢᠯᠯᠠᠵᠤ ᠢᠷᠡᠬᠦ ᠳᠡᠭᠡᠨ᠂ | ᠪᠦᠬᠦ ᠤᠯᠤᠰ ᠤᠨ ᠰᠢᠯᠢᠳᠡᠭ ᠪᠠᠭᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ᠂ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠵᠢᠱᠢᠶᠡᠴᠢ ᠶᠢᠨ ᠮᠧᠳᠠᠯ᠂ ᠤᠯᠠᠭᠠᠨᠬᠦᠦ ᠶᠢᠨ ᠮᠣᠩᠭᠤᠯ ᠬᠡᠯᠡ ᠪᠢᠴᠢᠭ ᠤᠨ ᠱᠠᠩᠨᠠᠯ᠂ ᠬᠥᠬᠡᠬᠤᠲᠠ ᠶᠢᠨ ᠣᠨᠴᠠ ᠳᠡᠰ ᠤᠨ ᠬᠥᠳᠡᠯᠮᠦᠷᠢ ᠶᠢᠨ | ᠵᠢᠱᠢᠶᠡᠴᠢ᠂ ᠲᠤᠰᠬᠠᠢ ᠮᠡᠷᠭᠡᠵᠢᠯ ᠤᠨ ᠲᠡᠷᠢᠭᠦᠨ ᠤ ᠴᠢᠳᠠᠪᠤᠷᠢᠲᠠᠨ᠂ ᠰᠢᠯᠢᠳᠡᠭ ᠰᠤᠷᠭᠠᠭᠤᠯᠢ ᠶᠢᠨ ᠵᠠᠬᠢᠷᠤᠯ᠂ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ | ᠬᠤᠪᠢ ᠬᠥᠮᠥᠨ ᠵᠡᠷᠭᠡ ᠱᠠᠩᠨᠠᠯ ᠬᠥᠬᠢᠭᠦᠯᠦᠯ ᠢᠷᠠᠭᠤ ᠠᠯᠳᠠᠷ ᠢ ᠵᠠᠯᠭ᠎ᠠ ᠪᠠᠷ ᠬᠦᠷᠲᠡᠵᠦ ᠢᠷᠠᠵᠠᠢ᠃ | ᠰᠤᠷᠪᠤᠯᠵᠢᠯᠠᠭᠴᠢ᠄ ᠲᠥᠪ ᠷᠠᠳᠢᠣ᠋ ᠶᠢᠨ ᠰᠤᠷᠪᠤᠯᠵᠢᠯᠠᠭᠴᠢ ᠨᠠᠶᠢᠷᠰᠠᠭ᠂ ᠠᠷᠠᠳ ᠤᠨ ᠰᠦᠯᠵᠢᠶᠡᠨ ᠤ ᠰᠤᠷᠪᠤᠯᠵᠢᠯᠠᠭᠴᠢ ᠢᠯᠠᠯᠲᠠ᠂ ᠥᠪᠥᠷ | ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠮᠥᠩᠬᠡᠪᠠᠶᠠᠷ᠂ ᠪᠣᠣ ᠵᠢᠶᠦ᠋ᠨ᠂ ᠡᠷᠳᠡᠨᠢᠰᠤᠪᠤᠳ᠂ ᠵᠠᠶᠠᠭᠠᠬᠦᠦ᠂ ᠬᠥᠬᠡᠬᠤᠲᠠ ᠶᠢᠨ ᠷᠠᠳᠢᠣ᠋ | ᠲᠧᠯᠸᠢᠰ ᠬᠤᠷᠢᠶᠠᠨ ᠤ ᠰᠤᠷᠪᠤᠯᠵᠢᠯᠠᠭᠴᠢ ᠣᠳᠣ᠂ ᠴᠡᠯᠮᠡᠭ |