ᠥᠪᠥᠷ ᠮᠤᠩᠭᠤᠯ ᠤᠨ ᠪᠠᠶᠢᠭᠠᠯᠢ ᠶᠢᠨ ᠮᠥᠽᠸᠢ ᠨᠡᠭᠡᠭᠡᠯᠲᠠ ᠬᠢᠪᠠ
ᠨᠡᠶᠢᠲᠡᠯᠡᠭᠰᠡᠨ ᠴᠠᠭ᠄
2018-11-14
      11 ᠰᠠᠷ᠎ᠠ ᠶᠢᠨ10 ᠤ ᠡᠳᠥᠷ᠂ ᠥᠪᠥᠷ ᠮᠤᠩᠭᠤᠯ ᠤᠨ ᠪᠠᠶᠢᠭᠠᠯᠢ ᠶᠢᠨ ᠮᠥᠽᠸᠢ ᠨᠡᠭᠡᠭᠡᠯᠲᠠ ᠬᠢᠪᠡ᠃ ᠤᠶᠢᠯᠠᠭᠠᠭᠰᠠᠨ ᠢᠶᠠᠷ᠂ ᠲᠤᠰ ᠮᠥᠽᠸᠢ ᠨᠢ ᠥᠵᠡᠰᠭᠦᠯᠡᠩᠳᠤ ᠰᠠᠶᠢᠬᠠᠨ ᠥᠪᠥᠷ ᠮᠤᠩᠭᠤᠯ᠂ ᠪᠠᠯᠠᠷ ᠡᠷᠳᠡᠨ ᠤ ᠥᠪᠥᠷ ᠮᠤᠩᠭᠤᠯ᠂ ᠥᠨᠢᠷ ᠪᠠᠶᠠᠯᠢᠭ ᠥᠪᠥᠷ ᠮᠤᠩᠭᠤᠯ᠂ ᠨᠤᠮᠢᠨ ᠨᠤᠭᠤᠭᠠᠨ ᠥᠪᠥᠷ ᠮᠤᠩᠭᠤᠯ᠂ ᠠᠪᠤᠷᠭᠤ ᠬᠥᠷᠪᠡᠯ  ᠤᠨ ᠨᠤᠳᠤᠭ ᠬᠡᠬᠦ ᠲᠠᠪᠤᠨ ᠭᠤᠤᠯ ᠰᠡᠳᠥᠪᠳᠤ ᠥᠵᠡᠭᠦᠯᠭᠡ ᠶᠢᠨ ᠲᠢᠩᠬᠢᠮ ᠲᠠᠢ ᠪᠠᠶᠢᠵᠤ᠂ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠤᠰᠤ᠂ ᠠᠮᠢᠲᠠᠨ ᠤᠷᠭᠤᠮᠠᠯ᠂ ᠡᠷᠳᠡᠨ ᠤ ᠠᠮᠢᠳᠤ ᠪᠤᠳᠠᠰ᠂ ᠠᠭᠤᠯᠠ ᠠᠭᠤᠷᠬᠠᠢ ᠵᠡᠷᠭᠡ 13 ᠬᠥᠷᠢᠶ᠎ᠡ ᠬᠡᠪᠴᠢᠶ᠎ᠠ ᠶᠢ ᠬᠠᠮᠤᠷᠤᠭᠰᠠᠨ ᠪᠠᠶᠢᠨ᠎ᠠ᠃ ᠮᠥᠽᠸᠢ ᠶᠢᠨ ᠭᠠᠳᠠᠨ᠎ᠠ ᠪᠠᠰᠠ ᠴᠢᠯᠠᠭᠤᠯᠢᠭ ᠤᠨ ᠬᠥᠷᠢᠶᠡᠯᠡᠩ  ᠪᠠᠶᠢᠭᠤᠯᠵᠠᠢ᠃ ᠡᠨᠡ ᠨᠢ ᠥᠪᠥᠷ ᠮᠤᠩᠭᠤᠯ ᠤᠨ ᠠᠩᠬᠠᠳᠠᠭᠴᠢ ᠬᠠᠳᠠᠭᠠᠯᠠᠮᠵᠢ ᠪᠠ ᠥᠵᠡᠭᠦᠯᠭᠡ  ᠂ ᠰᠢᠨᠵᠢᠯᠡᠬᠦ ᠤᠬᠠᠭᠠᠨᠴᠢ ᠰᠤᠳᠤᠯᠭᠠᠨ᠂ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ  ᠂ ᠰᠤᠶᠤᠯ ᠰᠤᠷᠭᠠᠨ ᠬᠥᠮᠥᠵᠢᠯ ᠢ  ᠨᠢᠭᠡ ᠴᠤᠭᠴᠠᠵᠢᠭᠤᠯᠤᠭᠰᠠᠨ ᠪᠠᠶᠢᠭᠠᠯᠢ ᠶᠢᠨ ᠮᠥᠽᠸᠢ ᠪᠤᠯᠬᠤ ᠶᠤᠮ᠃      ᠥᠪᠥᠷ ᠮᠤᠩᠭᠤᠯ ᠤᠨ ᠪᠠᠶᠢᠭᠠᠯᠢ ᠶᠢᠨ ᠮᠥᠽᠸᠢ ᠨᠢ ᠰᠠᠶᠢᠬᠠᠨ ᠲᠣᠭᠤᠷᠢᠭ ᠤᠨ ᠡᠮᠦᠨ᠎ᠡ ᠲᠣᠭᠤᠷᠢᠭᠤᠯ ᠵᠠᠮ ᠪᠣᠯᠣᠨ ᠬᠢᠩᠭᠠᠨ ᠵᠠᠮ ᠤᠨ ᠠᠭᠤᠯᠵᠠᠷ ᠲᠤ ᠪᠠᠶᠢᠷᠢᠯᠠᠵᠤ᠂ 9᠄00  ᠠᠴᠠ 16᠄00  ᠶᠢᠨ ᠬᠤᠭᠤᠷᠣᠨᠳᠤ ᠨᠡᠭᠡᠭᠡᠯᠲᠡ ᠬᠢᠵᠦ᠂ ᠭᠠᠷᠠᠭ ᠤᠨ ᠨᠢᠭᠡᠨ ᠳᠤ ᠪᠠᠨ ᠠᠮᠠᠷᠠᠨ᠎ᠠ᠃ ᠬᠤᠲᠠ ᠶᠢᠨ ᠢᠷᠭᠡᠳ ᠪᠡᠶ᠎ᠡ ᠶᠢᠨ ᠦᠨᠡᠮᠯᠡᠬᠦ ᠪᠠᠷ ᠢᠶᠠᠨ ᠲᠥᠯᠥᠪᠦᠷᠢ ᠦᠭᠡᠢ ᠪᠠᠷ ᠲᠣᠭᠤᠷᠢᠨ ᠦᠵᠡᠵᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号