ᠮᠠᠯ ᠰᠦᠷᠣᠭ᠌ ᠢᠶᠠᠨ ᠦᠨᠢᠷ ᠦᠰᠭᠡᠨ᠂ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠲᠤᠭᠲᠠᠭᠤᠨ | ᠬᠦᠭᠵᠢᠯᠲᠠ ᠪᠠᠨᠪᠠᠲᠤᠯᠠᠨ ᠠᠬᠢᠭᠤᠯᠬᠤ ᠳᠤ᠂ ᠮᠠᠯ ᠰᠦᠷᠤᠭ᠌ ᠤᠨ ᠭᠡᠮ ᠬᠢᠵᠢᠭ ᠤᠨ ᠰᠡᠷᠭᠡᠶᠢᠯᠡᠯᠲᠠ ᠶᠢᠨ | ᠲᠠᠷᠢᠯᠭ᠎ᠠ ᠶᠢ ᠲᠤᠭᠲᠠᠭᠰᠠᠨᠬᠤᠭᠤᠴᠠᠭᠠᠨ ᠳᠤ ᠴᠢᠨᠡᠷ ᠰᠠᠶᠢᠲᠠᠢ ᠬᠢᠯᠭᠡᠵᠤ ᠬᠦᠢᠴᠡᠳᠭᠡᠬᠦ ᠨᠢ᠂ ᠮᠠᠯ ᠳᠤ | ᠭᠡᠨᠡᠳᠲᠠ ᠶᠢᠨ ᠴᠢᠨᠠᠷᠲᠠᠢ ᠭᠡᠮ ᠬᠢᠵᠢᠭ ᠲᠤᠰᠴᠤᠦᠬᠦᠵᠤ ᠬᠤᠬᠢᠷᠠᠬᠤ ᠠᠴᠠ ᠪᠦᠲᠤᠮᠵᠢ ᠲᠠᠢ ᠰᠡᠷᠭᠡᠶᠢᠯᠡᠵᠤ᠂ | ᠮᠠᠯᠴᠢᠨ ᠲᠦᠮᠡᠨ ᠤ ᠤᠶᠢᠯᠡᠳᠪᠤᠷᠢᠯᠡᠯ ᠠᠮᠢᠲᠤᠷᠠᠯ ᠢᠶᠠᠨ ᠦᠭᠡᠲᠡᠲ᠋ᠠᠲᠠᠨ ᠬᠦᠭᠵᠢᠬᠦᠯᠬᠦ ᠳᠤ ᠴᠢᠬᠤᠯᠡ ᠤᠶᠢᠯᠡᠲᠤᠯ | ᠦᠵᠡᠬᠦᠯᠬᠦ ᠶᠤᠮ᠃ | ᠮᠠᠯ ᠲᠡᠵᠢᠭᠡᠪᠤᠷᠢ ᠶᠢᠨ ᠡᠯ᠎ᠡ ᠵᠦᠢᠯ ᠤᠨ ᠬᠠᠯᠲᠠᠪᠤᠷᠢᠲᠤ ᠡᠪᠡᠳᠴᠢᠨ ᠢ ᠲᠦᠷᠤᠯ ᠬᠤᠪᠢᠶᠠᠨ ᠴᠢᠩᠭ᠎ᠠ | ᠰᠡᠷᠭᠡᠶᠢᠯᠡᠨᠬᠠᠮᠢᠶᠠᠷᠴᠤ᠂ ᠬᠠᠯᠲᠠᠪᠤᠷᠢᠲᠤ ᠡᠪᠡᠳᠴᠢᠨ ᠤ ᠲᠠᠷᠢᠯᠭ᠎ᠠ ᠶᠢᠨ ᠰᠦᠢᠳᠬᠡᠯ ᠢ ᠤᠯᠤᠰ ᠠᠴᠠ | ᠬᠠᠷᠢᠭᠤᠴᠠᠵᠤ᠂ ᠶᠡᠷᠤᠩᠬᠡᠢ ᠳ᠋ᠡᠭᠡᠨᠬᠤᠰᠢᠭᠤ ᠰᠤᠮᠤᠨ ᠤ ᠮᠠᠯ ᠡᠮᠨᠡᠯᠭᠡ ᠶᠢᠨ ᠰᠠᠯᠠᠭ᠎ᠠ ᠮᠦᠴᠢᠷ ᠨᠢ᠂ ᠲᠠᠷᠢᠯᠭ᠎ᠠ ᠶᠢᠨ | ᠡᠮ ᠢ ᠦᠨ᠎ᠡ ᠲᠦᠯᠤᠪᠤᠷᠢ ᠦᠭᠡᠢ ᠬᠠᠩᠭᠠᠨᠦᠭᠴᠤ᠂ ᠬᠢᠨᠠᠯᠲᠠ ᠬᠠᠮᠢᠶᠠᠷᠤᠯᠲᠠ ᠬᠢᠬᠦ ᠳᠡᠭᠡᠨ ᠲᠦᠷᠢᠮ ᠲᠤᠭᠲᠠᠭᠠᠯ | ᠵᠦᠷᠢᠴᠡᠭᠰᠡᠳ ᠢ ᠬᠡᠯᠡᠵᠤ ᠰᠤᠷᠭᠠᠨ᠂ ᠮᠠᠯ ᠤᠨ ᠡᠯ᠎ᠡᠵᠦ᠋ᠢᠯ ᠤᠨ ᠬᠠᠯᠲᠠᠪᠤᠷᠢᠲᠤ ᠡᠪᠡᠳᠴᠢᠨ ᠢ ᠰᠡᠷᠭᠡᠶᠢᠯᠡᠬᠦ | ᠴᠢᠬᠤᠯᠠ ᠴᠢᠨᠠᠷ ᠬᠢᠭᠡᠳ ᠭᠡᠮ ᠬᠢᠵᠢᠭ ᠢ ᠰᠡᠷᠭᠡᠶᠢᠯᠡᠨ ᠬᠤᠷᠢᠬᠯᠠᠬᠤᠤᠬᠠᠭᠤᠯᠭᠠ ᠶᠢᠨ ᠠᠵᠢᠯ ᠢᠶᠠᠷ | ᠭᠤᠤᠯᠲᠠᠭᠤᠯᠵᠤ᠂ ᠭᠠᠴᠠᠭᠠᠨ ᠤ ᠬᠢᠵᠢᠭ ᠢ ᠰᠡᠷᠭᠡᠶᠢᠯᠡᠭᠴᠢ ᠶᠢ ᠬᠦᠮᠤᠵᠢᠬᠦᠯᠭᠦ ᠪᠠᠷ ᠲᠠᠮᠵᠢᠨ᠂ᠲᠡᠲᠡ ᠨᠠᠷ ᠢᠶᠠᠷ | ᠲᠤᠰᠬᠠᠢ ᠬᠠᠷᠢᠭᠤᠴᠠᠭᠤᠯᠤᠨ ᠬᠢᠯᠭᠡᠬᠦ ᠳᠡᠭᠡᠨ ᠤᠶᠢᠯᠡᠴᠢᠯᠡᠭᠡᠨ ᠤ ᠰᠦᠢᠳᠭᠡᠯ ᠢ ᠨᠢ ᠬᠦᠷᠲᠡᠯ᠎ᠡ | ᠭᠡᠯᠲᠤᠷᠢᠬᠦᠯᠬᠦᠪᠤᠯᠤᠭᠰᠠᠨ ᠢᠶᠠᠷ ᠮᠠᠯᠴᠢᠳ ᠵᠥᠪᠭᠡᠨ ᠮᠠᠯ ᠤᠨ ᠢᠶᠠᠨ ᠤᠬᠢᠶᠠᠯᠲᠠ ᠴᠢᠳᠬᠤᠯᠲᠠ ᠶᠢᠨ ᠠᠵᠢᠯ ᠢ | ᠦᠪᠡᠷ ᠲᠡᠭᠡᠨ ᠬᠠᠷᠢᠭᠤᠴᠠᠨ ᠬᠢᠬᠦᠪᠤᠯᠤᠭᠰᠠᠨ ᠪᠠᠶᠢᠲᠠᠭ᠃ ᠭᠡᠪᠡᠴᠤ ᠵᠠᠷᠢᠮ ᠮᠠᠯᠴᠢᠳ ᠬᠠᠷᠢᠨ ᠡᠨᠡ ᠬᠦ ᠠᠵᠢᠯ ᠢ | ᠴᠢᠬᠤᠯᠠᠴᠢᠯᠠᠨ ᠦᠵᠡᠬᠦ ᠦᠵᠡᠯ ᠤᠬᠠᠮᠰᠠᠷᠲ᠋ᠦ᠋ᠢᠯ ᠤᠨ ᠪᠠᠷᠤᠭᠲᠠᠢ ᠪᠠᠶᠢᠲᠠᠭ ᠢᠶᠠᠷ ᠬᠢᠵᠢᠭ ᠢ ᠰᠡᠷᠭᠡᠶᠢᠯᠡᠭᠴᠢ ᠶᠢᠨ | ᠠᠵᠢᠯ ᠳᠤ ᠶᠡᠬᠡᠲᠡ ᠬᠦᠴᠢᠷᠲᠡᠯ ᠤᠴᠡᠷᠠᠭᠤᠯᠵᠤ᠂ ᠵᠠᠷᠢᠮᠠᠶᠢᠯ ᠤᠨ ᠮᠠᠯ ᠳᠤᠨᠢ ᠰᠡᠷᠭᠡᠶᠢᠯᠡᠯᠲᠠ ᠶᠢᠨ ᠲᠠᠷᠢᠯᠭ᠎ᠠ | ᠬᠢᠬᠦ ᠳᠤ ᠬᠡᠳᠤ ᠲᠠᠬᠢᠨ᠋ ᠭᠡᠷ ᠲᠤᠨᠢ ᠤᠴᠢᠬᠤ ᠦᠵᠡᠭᠲᠠᠯ ᠴᠤ ᠵᠦᠩᠲᠡᠭᠡᠨᠲ᠋ᠤᠬᠢᠶᠠᠯᠳᠤᠳᠠᠭ᠃ ᠡᠲᠡᠭᠡᠷ | ᠮᠠᠯᠴᠢᠳ ᠤᠨ ᠨᠡᠶᠢᠲᠡᠯᠢᠭ ᠤᠨᠴᠠᠯᠢᠭ ᠭᠡᠪᠡᠯ᠂ ︽ᠮᠠᠨ ᠤ ᠮᠠᠯ ᠨᠢᠭᠡᠨᠲᠡ ᠪᠡᠯᠴᠢᠭᠡᠷ ᠲᠡᠭᠡᠨᠭᠠᠷᠤᠭᠰᠠᠨ᠂ ᠤᠲᠤ | ᠪᠢ ᠵᠠᠪ ᠦᠭᠡᠢ᠂ ᠶᠠᠭᠤᠮᠠᠨ ᠳᠤ ᠶᠡᠪᠤᠬᠤ ᠭᠡᠵᠤ ᠪᠠᠶᠢᠨ᠎ᠠ᠂ ᠲᠠ ᠲᠠᠬᠢᠵᠤ ᠢᠷᠡᠵᠤ ᠬᠢᠬᠦ ᠪᠤᠯᠪᠠᠤ᠂ ᠬᠡᠷᠪᠡᠬᠢᠬᠦ | ᠴᠢᠬᠤᠯᠠᠲᠠᠢ ᠪᠤᠯ ᠦᠪᠡᠷ ᠲᠡᠭᠡᠨ ᠪᠡᠯᠴᠢᠭᠡᠷ ᠲᠤᠨᠢ ᠤᠴᠢᠨ᠎ᠠ ᠰᠢᠤ ᠳ᠋ᠠ︕︾ ᠭᠡᠬᠦ ᠮᠡᠲᠤ ᠶᠢᠨ ᠦᠴᠤᠬᠡᠨ | ᠴᠤ᠋ᠬᠠᠷᠢᠭᠤᠴᠠᠯᠭᠠ ᠦᠭᠡᠢ ᠦᠭᠡ ᠬᠡᠯᠡᠵᠤ᠂ ᠮᠤᠲ᠋ᠤᠷ ᠪᠢᠰᠢ ᠪᠤᠯ ᠲᠡᠷᠭᠡ ᠪᠠᠨ ᠵᠢᠯᠤᠭᠤᠳᠴᠤ ᠭᠠᠳᠠᠬᠰᠢ | ᠶᠠᠪᠤᠴᠢᠬᠠᠲᠠᠭ᠃ ᠶᠠᠷᠢᠶᠠᠨᠦᠭᠡᠢ ᠢᠢᠮᠤᠷᠬᠦᠤ ᠮᠠᠯᠴᠢᠳ ᠴᠦᠬᠡᠨ᠃ ᠭᠡᠪᠡᠴᠤ ᠴᠦᠬᠡᠨ ᠭᠡᠳ ᠬᠠᠮᠢᠶᠠᠷᠬᠤ ᠦᠭᠡᠢ | ᠪᠠᠶᠢᠵᠤ ᠬᠠᠶᠠᠭᠠᠨ ᠳᠤᠨᠢ ᠬᠠᠶᠠᠵᠤ ᠶᠠᠭᠠᠬᠢᠭᠰᠠᠨ ᠴᠤ ᠪᠤᠯᠬᠤ ᠦᠭᠡᠢ᠃ | ᠬᠠᠯᠲᠠᠪᠤᠷᠢᠲᠤ ᠡᠪᠡᠳᠴᠢᠨ ᠤ ᠭᠡᠮ ᠬᠢᠵᠢᠭ ᠤᠨ ᠰᠡᠷᠭᠡᠶᠢᠯᠡᠯᠲᠠ ᠶᠢᠨ ᠲᠠᠷᠢᠯᠭ᠎ᠠ ᠪᠤᠯ ᠴᠠᠭ ᠬᠤᠭᠤᠴᠠᠭᠠᠲᠤ | ᠴᠢᠨᠠᠷ ᠵᠶ᠋ᠠᠷᠲ᠋ᠦ᠋ᠢᠯ ᠤᠨ ᠴᠢᠩᠭ᠎ᠠ ᠮᠦᠷᠲᠡᠭᠡᠨ ᠮᠡᠷᠭᠡᠵᠢᠯ ᠤᠨ ᠱᠠᠭᠠᠷᠲᠠᠯᠭ᠎ᠠ ᠪᠠᠷ ᠦᠨᠲᠤᠷ ᠪᠠᠶᠢᠲᠠᠭ ᠲᠤᠯᠡ ᠮᠠᠯᠴᠢᠳ | ᠢᠢᠮᠤ ᠲᠡᠶᠢᠮᠣ ᠰᠢᠯᠲᠠᠭᠲ᠋ᠤᠷᠠᠲᠤᠨ᠂ ᠲᠤᠭᠲᠠᠭᠰᠠᠨ ᠬᠤᠭᠤᠴᠠᠭᠠᠨ ᠳᠤ ᠬᠢᠯᠭᠡᠬᠦ ᠦᠭᠡᠢ ᠳᠤ ᠬᠦᠷᠪᠡᠯ ᠲᠠᠷᠢᠯᠭ᠎ᠠ ᠶᠢᠨ | ᠦᠷ᠎ᠡ ᠪᠦᠳᠦᠮᠵᠢ ᠶᠢ ᠰᠢᠭᠤᠳᠨᠦ᠋ᠯᠤᠭᠡᠯᠡᠬᠦ ᠪᠤᠯᠤᠨ᠎ᠠ᠃ ᠬᠡᠷᠪᠡ ᠬᠠᠯᠲᠠᠪᠤᠷᠢᠲᠤ ᠡᠪᠡᠳᠴᠢᠨ ᠤ ᠭᠡᠮ ᠬᠢᠵᠢᠭ ᠢ | ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠭᠡᠢ ᠡᠴᠠᠪᠤᠯᠵᠤ᠂ ᠮᠠᠯ ᠳᠤᠨᠢ ᠬᠠᠯᠲᠠᠪᠤᠷᠢᠲᠤ ᠴᠢᠨᠠᠷᠲᠠᠢ ᠭᠡᠮ ᠬᠢᠵᠢᠭ | ᠢᠯᠡᠷᠡᠪᠡᠯ᠂ ᠨᠢᠭᠡ ᠠᠶᠢᠯ ᠤᠨ ᠤᠴᠢᠷ ᠪᠢᠰᠢ ᠪᠤᠯᠵᠤ᠂ ᠨᠢᠭᠡ ᠬᠤᠲᠠᠤᠰᠤ ᠴᠢᠨᠠᠭᠰᠢᠯᠠᠪᠠᠯ ᠦᠷᠪᠢᠰᠴᠤ ᠲᠡᠯᠭᠡᠷᠡᠭᠡᠳ | ᠨᠢᠭᠡ ᠭᠠᠵᠠᠷ ᠤᠷᠤᠨ ᠢ ᠬᠢᠵᠢᠭ ᠨᠦᠯᠤᠭᠡᠯᠡᠬᠦ ᠭᠦᠨᠳᠤ ᠨᠤᠴᠢᠳᠠᠢ ᠪᠠᠶᠢᠲᠠᠯ ᠲᠠᠢᠪᠤᠯᠪᠠᠯ ᠬᠡᠨ ᠬᠠᠷᠢᠭᠤᠴᠠᠯᠭ᠎ᠠ | ᠡᠭᠦᠷᠭᠡᠯᠡᠭᠦ ᠪᠤᠯ︖ ᠮᠠᠯᠴᠢᠳ ᠬᠠᠤᠯᠢ ᠶᠢᠨ ᠬᠠᠷᠢᠭᠤᠴᠠᠯᠭ᠎ᠠ ᠪᠠᠶᠢᠭ᠎ᠠ ᠤᠤ︖ ᠭᠡᠭᠦ ᠮᠡᠳᠤ ᠪᠠᠷᠪᠤᠳᠤᠯᠬᠢᠯᠠᠵᠤ | ᠦᠵᠡᠭᠦ ᠭᠡᠷᠡᠭᠳᠡᠢ᠃ ᠡᠬᠦᠨ ᠠᠴᠠ ᠦᠵᠡᠬᠦ ᠳᠤ ᠮᠠᠯ ᠤᠨᠤᠭ᠎ᠠ ᠶᠢᠨ ᠰᠦᠢᠳᠤᠯ ᠬᠢᠭᠡᠳ ᠵᠠᠬ᠎ᠠ | ᠲᠡᠯᠭᠡᠬᠦᠷ ᠲᠤ᠋ᠤᠴᠠᠷᠠᠭᠤᠯᠤᠭᠰᠠᠨ ᠬᠠᠷᠢᠭᠤᠴᠠᠯᠭ᠎ᠠ ᠶᠢ ᠬᠠᠤᠯᠢ ᠪᠠᠷ ᠬᠡᠨ ᠡᠬᠦᠷᠭᠡᠯᠡᠪᠡᠯ ᠵᠤᠬᠢᠬᠤ ᠵᠡᠷᠭᠡ ᠶᠡᠭᠡ | ᠲᠠᠯ᠎ᠠ ᠠᠴᠠ ᠢᠯᠡᠬᠦᠬᠡᠨᠪᠤᠲᠤᠯᠬᠢᠯᠠᠵᠤ᠂ ᠮᠠᠯ ᠰᠦᠷᠤᠭ᠌ ᠤᠨ ᠬᠠᠯᠲᠠᠪᠤᠷᠢᠲᠤ ᠡᠪᠡᠳᠴᠢᠨ ᠢ ᠰᠡᠷᠭᠡᠶᠢᠯᠡᠬᠦ ᠬᠠᠤᠯᠢ | ᠲᠦᠷᠢᠮ ᠤᠨ ᠲᠤᠬᠠᠢ ᠦᠵᠡᠯᠲᠠᠲ᠋ᠠᠨᠢᠯᠲᠠ ᠪᠠᠨ ᠮᠠᠯᠴᠢᠳ ᠴᠤ ᠶᠡᠭᠡ ᠪᠠᠷ ᠲᠡᠭᠡᠭᠰᠢᠯᠡᠬᠦᠯᠵᠤ᠂ ᠦᠪᠡᠷ ᠤᠨ | ᠡᠬᠦᠷᠭᠡ ᠬᠠᠷᠢᠭᠤᠴᠠᠯᠭ᠎ᠠ ᠪᠠᠨ ᠡᠷᠬᠡᠪᠰᠢᠤᠬᠠᠮᠰᠠᠷ ᠠᠴᠠ ᠪᠠᠨ ᠰᠠᠶᠢᠲᠤᠷ ᠬᠦᠢᠴᠡᠳᠭᠡᠬᠦ ᠴᠢᠬᠤᠯᠠᠲᠠᠢ ᠪᠠᠶᠢᠨ᠎ᠠ᠃ | ᠡᠭᠦᠨ ᠤ ᠬᠠᠮᠳᠤ ᠮᠠᠯᠴᠢᠳ ᠲᠦᠷᠢᠮ ᠲᠤᠭᠲᠠᠭᠠᠯ ᠬᠢᠭᠡᠳᠬᠠᠤᠯᠢ ᠴᠠᠭᠠᠵᠠ ᠶᠢ ᠢᠯᠡᠬᠦᠬᠡᠨ ᠰᠤᠷᠤᠯᠴᠠᠵᠤ᠂ ᠮᠡᠲᠡᠯᠭᠡ | ᠮᠡᠲᠡᠴᠠ ᠦᠵᠡᠯ ᠤᠬᠠᠮᠰᠠᠷ ᠢᠶᠠᠨ ᠶᠡᠭᠡ ᠪᠠᠷ ᠲᠡᠭᠡᠭᠰᠢᠯᠡᠭᠦᠯᠤᠭ᠍ᠰᠠᠨᠪᠠᠶᠢᠬᠤ ᠬᠡᠷᠡᠭᠲᠠᠢ᠃ ᠨᠦᠬᠦᠭᠡ ᠲᠠᠯ᠎ᠠ ᠪᠠᠷ | ᠭᠠᠴᠠᠭ᠎ᠠ ᠲᠤᠰᠬᠤᠨ ᠤ ᠬᠢᠵᠢᠭ ᠢ ᠰᠡᠷᠭᠡᠶᠢᠯᠡᠭᠴᠢ ᠶᠢ ᠪᠠᠭᠲᠠᠭᠠᠭᠰᠠᠨ ᠮᠠᠯ ᠡᠮᠨᠡᠯᠭᠡ ᠵᠢᠨᠰᠠᠯᠠᠭ᠎ᠠ ᠮᠦᠴᠢᠷ ᠤᠨ | ᠠᠵᠢᠯᠲᠠᠳ ᠡᠬᠦᠷᠭᠡ ᠬᠠᠷᠢᠭᠤᠴᠠᠯᠭ᠎ᠠ ᠪᠠᠨ ᠪᠡᠲᠤ ᠴᠡᠭᠡᠵᠢᠯᠡᠨ᠂ ᠬᠠᠯᠲᠠᠪᠤᠷᠢᠲᠤ ᠡᠪᠡᠳᠴᠢᠨ ᠤ ᠭᠡᠮᠬᠢᠵᠢᠭ ᠤᠨ | ᠰᠡᠷᠭᠡᠶᠢᠯᠡᠯᠲᠠ ᠶᠢᠨ ᠲᠠᠷᠢᠯᠭ᠎ᠠ ᠶᠢ ᠰᠠᠶᠢᠲᠤᠷ ᠬᠢᠬᠦ ᠶᠢᠨ ᠲᠠᠭᠠᠤ ᠰᠤᠷᠲᠠᠯ ᠤᠬᠠᠭᠤᠯᠭ᠎ᠠ ᠶᠢᠨ ᠠᠵᠢᠯ ᠢ | ᠪᠠᠶᠢᠩᠭᠤᠶᠠᠪᠤᠭᠳᠠᠭᠤᠯᠵᠤ᠂ ᠰᠢᠢᠳᠪᠤᠷᠢᠯᠡᠬᠦ ᠳᠤ ᠮᠠᠲᠠᠭ ᠲᠠᠢ ᠠᠰᠠᠭᠤᠲᠠᠯ ᠭᠠᠷᠣᠭᠰᠠᠨ ᠪᠠᠶᠢᠪᠠᠯ᠂ ᠲᠠᠷᠤᠢ | ᠲᠦᠷᠭᠡᠨ ᠬᠠᠮᠢᠶ᠎ᠡ ᠪᠦᠬᠦᠢᠰᠠᠯᠠᠭ᠎ᠠ ᠮᠦᠴᠢᠷ ᠲᠤ ᠮᠡᠳᠡᠭᠳᠡᠨ ᠰᠢᠢᠳᠪᠤᠷᠢᠯᠡᠬᠦᠯᠦᠭᠰᠠᠨ ᠪᠠᠶᠢᠬᠤ ᠬᠡᠷᠡᠭᠲᠠᠢ᠃ ᠨᠢᠭᠡ | ᠬᠡᠲᠤᠨ ᠡᠷᠤᠬᠡ ᠶᠢᠨ ᠤᠴᠢᠷ ᠶᠤᠮ ᠭᠡᠳᠲ᠋ᠤᠷᠠ ᠪᠠᠷ ᠨᠢ ᠲᠠᠯᠪᠢᠠ ᠢᠯᠲᠠᠷ ᠬᠠᠶᠠᠵᠤ ᠶᠠᠭᠠᠬᠢᠭᠰᠠᠨ ᠴᠤ ᠪᠤᠯᠬᠤ | ᠦᠭᠡᠢ᠃ ᠡᠬᠦᠨ ᠤ ᠬᠠᠮᠲᠤ ᠡᠯ᠎ᠡ ᠰᠤᠮᠤ ᠪᠠᠯᠭᠠᠰᠤᠨ ᠤᠵᠠᠰᠠᠭ ᠤᠨ ᠤᠷᠲᠤᠨ ᠬᠢᠭᠡᠳ ᠭᠠᠴᠠᠭ᠎ᠠ ᠲᠤᠰᠬᠤᠨ ᠤ | ᠠᠷᠠᠳ ᠤᠨ ᠵᠦᠪᠯᠡᠯ ᠬᠠᠷᠢᠶ᠎ᠠ ᠤᠷᠤᠨ ᠤ ᠪᠠᠨ ᠮᠠᠯᠴᠢᠳ ᠲᠤ ᠬᠠᠤᠯᠢᠲ᠋ᠦ᠋ᠷᠢᠮ ᠤᠨ ᠲᠤᠬᠠᠢ ᠤᠬᠠᠭᠤᠯᠭ᠎ᠠ | ᠬᠦᠮᠤᠵᠢᠯ ᠢ ᠪᠠᠶᠢᠩᠭᠤ ᠶᠢᠨ ᠴᠢᠨᠠᠷᠲᠠᠢ ᠬᠢᠵᠤ᠂ ᠡᠨᠡ ᠬᠦ ᠠᠵᠢᠯ ᠢ ᠮᠠᠯᠴᠢᠨ ᠲᠦᠮᠡᠨ ᠤᠤᠬᠠᠮᠰᠠᠷᠲᠤ | ᠠᠵᠢᠯᠯᠠᠭ᠎ᠠ ᠶᠢᠨ ᠨᠢᠭᠡ ᠪᠤᠯᠭᠠᠵᠤ᠂ ᠭᠡᠮ ᠬᠢᠵᠢᠭ ᠤᠨ ᠰᠡᠷᠭᠡᠶᠢᠯᠡᠯᠳᠡ ᠶᠢᠨ ᠠᠵᠢᠯ ᠤᠨ ᠴᠢᠬᠤᠯᠡ ᠴᠢᠨᠠᠷ ᠢ | ᠡᠷᠬᠡᠪᠰᠢᠨᠡᠶᠢᠭᠡᠮ ᠤᠨ ᠬᠠᠷᠢᠭᠤᠴᠠᠯᠭ᠎ᠠ ᠪᠠᠷ ᠮᠠᠯᠴᠢᠨ ᠲᠦᠮᠡᠨ ᠳᠤ ᠲᠠᠨᠢᠭᠤᠯᠵᠤ ᠮᠡᠲᠡᠷᠡᠬᠦᠯᠤᠭ᠍ᠰᠠᠨ ᠪᠠᠶᠢᠬᠤ ᠬᠡᠷᠡᠭᠲᠠᠢ᠃ | ᠬᠠᠷᠢᠨ ᠭᠠᠭᠴᠡᠮᠠᠯ ᠡᠮᠨᠡᠯᠭᠡ ᠶᠢᠨ ᠰᠠᠯᠠᠭ᠎ᠠ ᠮᠦᠴᠢᠷ ᠲᠤ ᠲᠦᠯᠬᠢᠵᠤ ᠠᠯᠪᠡ ᠬᠠᠰᠢᠵᠤ ᠠᠮᠠ ᠪᠦᠭᠯᠡᠭᠦ | ᠨᠠᠵᠠᠭᠠᠢ ᠠᠵᠢᠯ ᠤᠨ ᠰᠤᠷᠲᠠᠯ ᠵᠶ᠋ᠠᠷᠬᠠᠨᠲᠤᠵᠤ ᠶᠠᠭᠠᠬᠢᠭᠰᠠᠨ ᠴᠤ ᠪᠤᠯᠬᠤ ᠦᠭᠡᠢ᠃ ᠭᠠᠭᠴᠠ ᠬᠦ ᠤᠯᠠᠨ ᠤ | ᠬᠦᠴᠤ ᠶᠢ ᠲᠠᠶᠢᠴᠢᠯᠠᠨ᠂ ᠮᠠᠯᠴᠢᠳ ᠴᠤ ᠭᠡᠰᠠᠨ ᠦᠭᠡᠢᠦᠪᠡᠷ ᠤᠨ ᠡᠬᠦᠷᠭᠡ ᠬᠠᠷᠢᠭᠤᠴᠠᠯᠭ᠎ᠠ ᠪᠠᠨ ᠮᠡᠳᠡᠵᠤ᠂ | ᠲᠦᠷᠢᠮ ᠲᠤᠭᠲᠠᠭᠠᠯ ᠪᠠ ᠬᠠᠤᠯᠢ ᠶᠢᠨ ᠱᠠᠭᠠᠷᠲᠠᠯᠭ᠎ᠠ ᠶᠤᠰᠤᠭᠠᠷ ᠭᠡᠮᠬᠢᠵᠢᠭ ᠤᠨ ᠲᠠᠷᠢᠯᠭ᠎ᠠ ᠶᠢ ᠭᠦᠨᠳᠦᠳᠭᠡᠨ | ᠦᠵᠡᠵᠤ ᠨᠠᠷᠢᠨ ᠬᠢᠨᠠᠮᠠᠭᠠᠢ ᠪᠠᠷ ᠨᠢᠬᠳᠡ ᠬᠠᠮᠵᠢᠯᠴᠠᠨ ᠶᠠᠪᠤᠭᠲᠠᠭᠤᠯᠲᠠᠭ ᠯᠠ ᠶᠤᠮ ᠪᠤᠯ ᠯᠠᠪᠲᠠᠶ᠎ᠠ ᠮᠠᠯ ᠰᠦᠷᠤᠭ᠌ ᠤᠨ | ᠬᠠᠯᠲᠠᠪᠤᠷᠢᠲᠤ ᠭᠡᠮ ᠬᠢᠵᠢᠭ ᠢ ᠪᠦᠲᠤᠮᠵᠢ ᠲᠠᠢ ᠰᠡᠷᠭᠡᠶᠢᠯᠡᠭᠦ ᠵᠤᠷᠢᠯᠭ᠎ᠠ ᠳᠠᠭᠠᠨ ᠬᠦᠷᠴᠤ ᠴᠢᠲᠠᠬᠤ ᠨᠢᠯᠠᠪᠳᠠᠢ ᠶᠤᠮ᠃ |