ᠨᠢᠬᠡ᠂ ᠡᠩ ᠤᠨ ᠪᠠᠶᠢᠳᠠᠯ ᠳᠤ᠂ ᠲᠠ ᠬᠡᠷᠪᠡ ᠪᠤᠰᠤᠳ ᠤᠨ ᠲᠡᠵᠢᠭᠡᠵᠦ ᠪᠠᠶᠢᠭ᠎ᠠ ᠠᠮᠢᠲᠠᠨ ᠳᠤ ᠬᠠᠵᠠᠭᠳᠠᠨ | ᠳᠠᠭᠠᠷᠢᠭᠳᠠᠭᠰᠠᠨ ᠠᠴᠠ ᠭᠡᠮᠲᠦᠵᠦ ᠰᠢᠷᠬᠠᠲᠤᠪᠠᠯ᠂ ᠠᠮᠢᠲᠠᠨ ᠢ ᠲᠡᠵᠢᠭᠡᠵᠦ ᠰᠤᠷᠭᠠᠵᠦ ᠪᠠᠶᠢᠭ᠎ᠠ ᠬᠦᠮᠦᠨ ᠪᠤᠶᠤ | ᠬᠠᠮᠢᠶᠠᠷᠴᠤ ᠪᠠᠶᠢᠭ᠎ᠠ ᠬᠦᠮᠦᠨ ᠨᠢ ᠡᠷᠡᠭᠡᠯᠵᠡᠭᠡ ᠦᠭᠡᠢ ᠪᠠᠷ ᠬᠠᠷᠢᠭᠤᠴᠠᠯᠭ᠎ᠠ ᠡᠭᠦᠷᠭᠡᠯᠡᠨ᠎ᠠ᠃ | ᠬᠤᠶᠠᠷ᠂ ᠬᠤᠬᠢᠷᠠᠯ ᠠᠮᠰᠠᠭᠴᠢ ᠶᠢᠨ ᠦᠪᠡᠷ ᠤᠨ ᠬᠢᠨᠢ ᠰᠢᠯᠲᠠᠭᠠᠨ ᠠᠴᠠ ᠪᠤᠯᠤᠭᠰᠠᠨ ᠬᠠᠷᠢᠭᠤᠴᠠᠯᠭ᠎ᠠ︔ | ᠵᠢᠱᠢᠶᠡᠯᠡᠪᠡᠯ᠂ ᠲᠠ ᠬᠡᠷᠪᠡ ᠵᠤᠷᠢᠭᠤᠳᠠ ᠪᠤᠰᠤᠳ ᠤᠨ ᠨᠤᠬᠠᠢ ᠶᠢ ᠦᠳᠦᠭᠡᠵᠦ ᠪᠠᠶᠢᠭᠠᠳ ᠬᠤᠬᠢᠷᠠᠯ ᠠᠮᠰᠠᠪᠠᠯ | ᠠᠮᠢᠲᠠᠨ ᠢ ᠲᠡᠵᠢᠭᠡᠵᠦ ᠰᠤᠷᠭᠠᠵᠦ ᠪᠠᠶᠢᠭ᠎ᠠ ᠬᠦᠮᠦᠨ ᠪᠤᠶᠤ ᠬᠠᠮᠢᠶᠠᠷᠴᠤ ᠪᠠᠶᠢᠭ᠎ᠠ ᠬᠦᠮᠦᠨ ᠨᠢ ᠬᠠᠷᠢᠭᠤᠴᠠᠯᠭ᠎ᠠ ᠦᠯᠦ | ᠡᠭᠦᠷᠭᠡᠯᠡᠬᠦ ᠪᠤᠶᠤ ᠬᠠᠷᠢᠭᠤᠴᠠᠯᠭ᠎ᠠ ᠶᠢ ᠬᠦᠡᠭᠭᠡᠨ ᠡᠭᠦᠷᠭᠡᠯᠡᠨ᠎ᠠ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ | ᠬᠠᠤᠯᠢ︾ ᠶᠢᠨ ᠳᠠᠯᠠᠨ ᠨᠠᠢᠮᠠᠳᠤᠭᠠᠷ ᠵᠦᠢᠯ ᠤᠨ ᠲᠤᠭᠲᠠᠭᠠᠯ ᠳᠤ᠂ ︽ᠲᠡᠵᠢᠭᠡᠪᠦᠷᠢ ᠠᠮᠢᠲᠠᠨ ᠪᠤᠰᠤᠳ ᠲᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠨᠢ ᠡᠷᠬᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠂ ᠭᠡᠪᠡᠴᠤ ᠬᠤᠬᠢᠷᠠᠯ ᠨᠢ ᠡᠷᠬᠡ ᠳᠤ ᠬᠠᠯᠳᠠᠭᠳᠠᠭᠴᠢ ᠶᠢᠨ ᠵᠤᠷᠢᠭᠤᠳᠠ ᠠᠴᠠ | ᠪᠤᠶᠤ ᠴᠢᠬᠤᠯᠠ ᠤᠰᠤᠯ ᠠᠴᠠ ᠪᠤᠯᠤᠭᠰᠠᠨ ᠢ ᠭᠡᠷᠡᠴᠢᠯᠡᠵᠦ ᠳᠡᠶᠢᠯᠪᠡᠯ᠂ ᠬᠠᠷᠢᠭᠤᠴᠠᠯᠭ᠎ᠠ ᠡᠭᠦᠷᠭᠡᠯᠡᠬᠦ ᠦᠭᠡᠢ ᠪᠤᠶᠤ | ᠬᠠᠷᠢᠭᠤᠴᠠᠯᠭ᠎ᠠ ᠶᠢ ᠨᠢ ᠬᠦᠡᠭᠭᠡᠷᠡᠭᠦᠯᠵᠦ ᠪᠤᠯᠤᠨ᠎ᠠ︾ ᠭᠡᠵᠦ ᠲᠤᠭᠲᠠᠭᠠᠵᠠᠢ᠃ | ᠭᠤᠷᠪᠠ᠂ ᠪᠤᠰᠤᠳ ᠬᠦᠮᠦᠨ ᠭᠦᠷᠢᠮ ᠦᠢᠯᠡᠳᠴᠤ ᠠᠮᠢᠲᠠᠨ ᠢ ᠦᠳᠦᠭᠡᠭᠰᠡᠨ ᠠᠴᠠ ᠲᠠ ᠬᠤᠬᠢᠷᠠᠯ ᠠᠮᠰᠠᠪᠠᠯ | ᠶᠠᠭᠠᠬᠢᠳᠠᠭ ᠪᠤᠢ︖ ᠵᠢᠱᠢᠶᠡᠯᠡᠪᠡᠯ᠄ ᠵᠡᠷᠭᠡᠯᠡᠳᠡᠭᠡ ᠭᠡᠷ ᠤᠨ A ᠤᠪᠤᠭᠲᠤ ᠠᠴᠠ B ᠤᠪᠤᠭᠲᠤ ᠶᠢᠨ ᠲᠡᠵᠢᠭᠡᠭᠰᠡᠨ | ᠨᠤᠬᠠᠢ ᠶᠢ ᠦᠳᠦᠭᠡᠵᠦ ᠬᠠᠯᠳᠠᠭᠰᠠᠨ ᠠᠴᠠ ᠪᠤᠯᠵᠦ ᠲᠠᠨ ᠢ ᠬᠠᠵᠠᠵᠦ ᠰᠢᠷᠬᠠᠳᠤᠭᠤᠯᠤᠭᠰᠠᠨ ᠪᠠᠶᠢᠪᠠᠯ ᠲᠠ B | ᠤᠪᠤᠭᠲᠤ ᠶᠢ ᠡᠷᠢᠵᠦ ᠬᠤᠬᠢᠷᠠᠯ ᠢᠶᠠᠨ ᠲᠦᠯᠦᠭᠦᠯᠦᠭᠰᠡᠨ ᠴᠤ ᠪᠤᠯᠤᠨ᠎ᠠ᠂ A ᠤᠪᠤᠭᠲᠤ ᠶᠢ ᠡᠷᠢᠵᠦ ᠬᠤᠬᠢᠷᠠᠯ ᠢᠶᠠᠨ | ᠲᠦᠯᠦᠭᠦᠯᠦᠭᠰᠡᠨ ᠴᠤ ᠪᠤᠯᠤᠨ᠎ᠠ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠨ | ᠭᠤᠷᠪᠠᠳᠤᠭᠠᠷ ᠵᠦᠢᠯ ᠤᠨ ᠲᠤᠭᠲᠠᠭᠠᠯ ᠳᠤ᠂ ︽ᠠᠮᠢᠲᠠᠨ ᠨᠢ ᠭᠤᠷᠪᠠᠳᠡᠬᠢ ᠬᠦᠮᠦᠨ ᠤ ᠤᠰᠤᠯ ᠠᠴᠠ ᠪᠤᠯᠵᠦ | ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠳᠠᠭᠴᠢ ᠨᠢ ᠠᠮᠢᠲᠠᠨ ᠤ ᠲᠡᠵᠢᠭᠡᠭᠴᠢ | ᠪᠤᠶᠤ ᠬᠠᠮᠢᠶᠠᠷᠤᠭᠴᠢ ᠠᠴᠠ ᠲᠦᠯᠦᠪᠦᠷᠢ ᠠᠪᠬᠤ ᠪᠠᠷ ᠭᠤᠶᠤᠴᠢᠯᠠᠵᠦ ᠪᠤᠯᠤᠨ᠎ᠠ᠂ ᠭᠤᠷᠪᠠᠳᠡᠬᠢ ᠬᠦᠮᠦᠨ ᠠᠴᠠ | ᠲᠦᠯᠦᠪᠦᠷᠢ ᠠᠪᠬᠤ ᠪᠠᠷ ᠭᠤᠶᠤᠴᠢᠯᠠᠭᠰᠠᠨ ᠴᠤ ᠪᠤᠯᠤᠨ᠎ᠠ᠂ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠨᠢ | ᠬᠤᠬᠢᠷᠠᠯ ᠢ ᠲᠦᠯᠦᠭᠰᠡᠨ ᠤ ᠪᠠᠨ ᠳᠠᠷᠠᠭ᠎ᠠ ᠭᠤᠷᠪᠠᠳᠡᠬᠢ ᠬᠦᠮᠦᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ︾ ᠭᠡᠵᠦ | ᠲᠤᠭᠲᠠᠭᠠᠪᠠ᠃ | ᠲᠦᠷᠪᠡ᠂ ᠲᠡᠵᠢᠭᠡᠬᠦ ᠶᠢ ᠴᠠᠭᠠᠵᠠᠯᠠᠭᠰᠠᠨ ᠠᠶᠤᠯ ᠲᠠᠢ ᠠᠮᠢᠲᠠᠨ ᠬᠤᠬᠢᠷᠠᠯ ᠤᠴᠠᠷᠠᠭᠤᠯᠪᠠᠯ ᠶᠠᠭᠠᠬᠢᠳᠠᠭ ᠪᠤᠢ︖ | ᠵᠢᠱᠢᠶᠡᠯᠡᠪᠡᠯ᠄ ᠵᠡᠷᠭᠡᠯᠡᠳᠡᠭᠡ ᠭᠡᠷ ᠤᠨ A ᠤᠪᠤᠭᠲᠤ ᠨᠢᠭᠡᠨ ᠲᠦᠪᠡᠳ ᠭᠠᠷᠵᠢ ᠨᠤᠬᠠᠢ ᠲᠡᠵᠢᠭᠡᠪᠡ᠃ ᠡᠨᠡ ᠭᠠᠷᠵᠢ | ᠨᠤᠬᠠᠢ ᠨᠢ ᠳᠠᠷᠤᠢ ᠲᠡᠵᠢᠭᠡᠬᠦ ᠶᠢ ᠴᠠᠭᠠᠵᠠᠯᠠᠭᠰᠠᠨ ᠠᠶᠤᠯ ᠲᠠᠢ ᠠᠮᠢᠲᠠᠨ ᠳᠤ ᠬᠠᠷᠢᠶᠠᠯᠠᠭᠳᠠᠨ᠎ᠠ᠃ ᠬᠡᠷᠪᠡ ᠡᠨᠡ ᠬᠦ | ᠲᠦᠪᠡᠳ ᠭᠠᠷᠵᠢ ᠨᠤᠬᠠᠢ ᠨᠢ ᠲᠠᠨ ᠢ ᠳᠠᠭᠠᠷᠢᠨ ᠰᠦᠷᠳᠡᠭᠦᠯᠵᠦ ᠬᠤᠬᠢᠷᠠᠯ ᠠᠮᠰᠠᠭᠤᠯᠬᠤ ᠳᠤ ᠯᠠ ᠬᠦᠷᠪᠡᠯ᠂ ᠲᠠᠨ ᠤ | ᠤᠰᠤᠯ ᠠᠯᠳᠠᠭ᠎ᠠ ᠠᠴᠠ ᠪᠤᠯᠤᠭᠰᠠᠨ ᠴᠤ ᠭᠡᠰᠡᠨ A ᠤᠪᠤᠭᠲᠤ ᠠᠴᠠ ᠵᠠᠪᠠᠯ ᠲᠦᠯᠦᠪᠦᠷᠢᠯᠡᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠳᠡᠢ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠳᠤᠭᠠᠷ ᠵᠦᠢᠯ ᠤᠨ | ᠲᠤᠭᠲᠠᠭᠠᠯ ᠳᠤ᠂ ︽ᠲᠡᠵᠢᠭᠡᠬᠦ ᠶᠢ ᠴᠠᠭᠠᠵᠠᠯᠠᠭᠰᠠᠨ ᠳᠤᠭᠰᠢᠨ ᠨᠤᠬᠠᠢ ᠵᠡᠷᠭᠡ ᠠᠶᠤᠯ ᠲᠠᠢ ᠠᠮᠢᠲᠠᠨ ᠪᠤᠰᠤᠳ ᠲᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠮᠢᠲᠠᠨ ᠤ ᠲᠡᠵᠢᠭᠡᠭᠴᠢ ᠪᠤᠶᠤ ᠬᠠᠮᠢᠶᠠᠷᠤᠭᠴᠢ ᠨᠢ ᠡᠷᠬᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ︾ ᠭᠡᠵᠦ ᠲᠤᠭᠲᠠᠭᠠᠪᠠ᠃ | ᠲᠠᠪᠤ᠂ ᠳᠡᠨᠤᠬᠦᠯ ᠨᠤᠬᠠᠢ ᠵᠡᠷᠭᠡ ᠡᠵᠡᠨ ᠦᠭᠡᠢ ᠠᠮᠢᠲᠠᠨ ᠬᠤᠬᠢᠷᠠᠯ ᠠᠮᠰᠠᠭᠤᠯᠤᠭᠰᠠᠨ ᠪᠠᠶᠢᠪᠠᠯ ᠶᠠᠭᠠᠬᠢᠳᠠᠭ | ᠪᠤᠢ︖ ᠬᠡᠷᠪᠡ ᠡᠵᠡᠨ ᠦᠭᠡᠢ ᠳᠡᠨᠤᠬᠦᠯ ᠨᠤᠬᠠᠢ ᠲᠠᠨ ᠢ ᠬᠠᠵᠠᠵᠦ ᠰᠢᠷᠬᠠᠳᠤᠭᠤᠯᠤᠭᠰᠠᠨ ᠪᠤᠯ ᠲᠠ ᠦᠪᠡᠷ ᠢ ᠪᠠᠨ | ᠠᠵᠠ ᠦᠭᠡᠢ ᠪᠠᠷ ᠬᠠᠵᠠᠭᠳᠠᠵᠦ ᠰᠢᠷᠬᠠᠳᠤᠵᠠᠢ ᠭᠡᠳ ᠦᠡᠭᠭᠡᠷᠡᠭᠦᠯᠴᠢᠬᠡᠵᠦ ᠪᠤᠯᠬᠤ ᠦᠭᠡᠢ᠃ | ︵1︶ ᠬᠡᠷᠪᠡ ᠳᠡᠨᠦᠬᠦᠯ ᠨᠤᠬᠠᠢ ᠳᠤ ᠤᠤᠯ ᠳᠠᠭᠠᠨ ᠡᠵᠡᠨ ᠲᠠᠢ ᠪᠤᠯ ᠳᠡᠷᠡ ᠬᠦ ᠡᠵᠡᠨ ᠢ ᠨᠢ ᠡᠷᠢᠵᠦ | ᠬᠤᠬᠢᠷᠠᠯ ᠢᠶᠠᠨ ᠲᠦᠯᠦᠭᠦᠯᠪᠡᠯ ᠵᠤᠬᠢᠨ᠎ᠠ᠃ | ︵2︶ ᠬᠡᠷᠪᠡ ᠳᠡᠨᠦᠬᠦᠯ ᠨᠤᠬᠠᠢ ᠶᠢᠨ ᠡᠵᠡᠨ ᠢ ᠨᠢ ᠡᠷᠢᠭᠡᠳ ᠤᠯᠤᠭᠰᠠᠨ ᠦᠭᠡᠢ᠂ ᠭᠡᠪᠡᠴᠤ ᠡᠨᠡ ᠬᠦ | ᠳᠡᠨᠦᠬᠦᠯ ᠨᠤᠬᠠᠢ ᠶᠢ ᠬᠠᠶᠠ ᠳᠠᠭᠠᠨ ᠲᠡᠵᠢᠭᠡᠳᠡᠭ ᠬᠦᠮᠦᠨ ᠢ ᠨᠢ ᠡᠷᠢᠵᠦ ᠤᠯᠤᠭᠰᠠᠨ ᠪᠠᠶᠢᠪᠠᠯ᠂ ᠡᠭᠦᠷᠭᠡᠯᠡᠬᠦ | ᠬᠠᠷᠢᠭᠤᠴᠠᠯᠭ᠎ᠠ ᠳᠤ ᠬᠤᠶᠠᠷ ᠵᠦᠯ ᠤᠨ ᠪᠠᠶᠢᠳᠠᠯ ᠲᠠᠢ᠄ ᠬᠡᠷᠪᠡ ᠳᠡᠨᠦᠬᠦᠯ ᠨᠤᠬᠠᠢ ᠳᠤ ᠦᠷᠭᠦᠯᠵᠢ ᠢᠳᠡᠰᠢ | ᠬᠠᠨᠭ᠍ᠭᠠᠭᠰᠠᠨ ᠪᠠᠶᠢᠪᠠᠯ᠂ ᠦᠨᠡᠨ ᠳᠡᠭᠡᠨ ᠡᠨᠡ ᠨᠢ ᠨᠢᠭᠡᠨᠲᠡ ᠨᠢᠭᠡ ᠵᠦᠢᠯ ᠤᠨ ᠤᠨᠴᠠᠭᠠᠢ ᠲᠡᠵᠢᠭᠡᠬᠦ ᠬᠠᠷᠢᠴᠠᠭ᠎ᠠ | ᠪᠤᠯᠵᠦ ᠪᠦᠷᠢᠯᠳᠦᠪᠡ᠂ ᠲᠡᠭᠡᠪᠡᠯ ᠲᠡᠵᠢᠭᠡᠭᠴᠢ ᠨᠢ ᠳᠠᠷᠤᠢ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠷᠬᠡᠪᠰᠢ | ᠡᠭᠦᠷᠭᠡᠯᠡᠨ᠎ᠠ︔ ᠬᠡᠷᠪᠡ ᠳᠡᠨᠦᠬᠦᠯ ᠨᠤᠬᠠᠢ ᠶᠢ ᠵᠦᠪᠬᠡᠨ ᠬᠠᠶᠠ ᠳᠠᠭᠠᠨ ᠪᠤᠶᠤ ᠲᠦᠷ ᠴᠠᠭ ᠲᠡᠵᠢᠭᠡᠭᠰᠡᠨ ᠪᠠᠶᠢᠪᠠᠯ | ᠬᠠᠷᠢᠭᠤᠴᠠᠯᠭ᠎ᠠ ᠡᠭᠦᠷᠭᠡᠯᠡᠬᠦ ᠴᠢᠬᠤᠯᠠ ᠦᠭᠡᠢ᠃ | ︵3︶ ᠬᠡᠷᠪᠡ ᠲᠠ ᠵᠤᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠠᠢ᠂ ᠪᠠᠩᠬᠢ᠂ ᠲᠡᠷᠭᠡᠨ ᠦᠷᠲᠡᠭᠡ | ᠵᠡᠷᠭᠡ ᠤᠯᠠᠠ ᠨᠡᠶᠢᠲᠡ ᠶᠢᠨ ᠲᠠᠯᠠᠪᠤᠷ ᠲᠤ ᠳᠡᠨᠦᠬᠦᠯ ᠨᠤᠬᠠᠢ ᠶᠢᠨ ᠳᠠᠭᠠᠷᠢᠯᠲᠠ ᠳᠤ ᠤᠴᠠᠷᠠᠭᠰᠠᠨ ᠪᠠᠶᠢᠪᠠᠯ᠂ ᠡᠳᠡᠭᠡᠷ | ᠤᠯᠠᠨ ᠨᠡᠶᠢᠲᠡ ᠶᠢᠨ ᠲᠠᠯᠠᠪᠠᠢ ᠶᠢᠨ ᠬᠠᠮᠢᠶᠠᠷᠤᠭᠴᠢ ᠴᠤ ᠬᠤᠯᠪᠤᠭᠳᠠᠯ ᠪᠦᠬᠦᠢ ᠬᠠᠷᠢᠭᠤᠴᠠᠯᠭ᠎ᠠ ᠶᠢ ᠡᠭᠦᠷᠭᠡᠯᠡᠨ᠎ᠠ᠃ | ᠵᠢᠱᠢᠶᠡᠯᠡᠪᠡᠯ᠄ ᠲᠠ ᠬᠤᠭᠤᠯᠠᠨ ᠭᠡᠷ ᠲᠤ ᠬᠤᠭᠤᠯᠠ ᠢᠳᠡᠵᠦ ᠪᠠᠶᠢᠲᠠᠯ᠎ᠠ ᠭᠡᠨᠡᠳᠲᠡ ᠳᠡᠨᠦᠬᠦᠯ ᠨᠤᠬᠠᠢ ᠳᠤ | ᠬᠠᠵᠠᠭᠳᠠᠭᠰᠠᠨ ᠪᠠᠶᠢᠪᠠᠯ᠂ ᠡᠨᠡ ᠬᠦ ᠬᠤᠭᠤᠯᠠᠨ ᠭᠡᠷ ᠤᠨ ᠬᠠᠮᠢᠶᠠᠷᠤᠭᠴᠢ ᠶᠢ ᠡᠷᠢᠵᠦ ᠬᠤᠬᠢᠷᠠᠯ ᠢᠶᠠᠨ | ᠲᠦᠯᠦᠭᠦᠯᠬᠦ ᠪᠠᠷ ᠱᠠᠭᠠᠷᠳᠠᠵᠦ ᠪᠤᠯᠤᠨ᠎ᠠ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ | ᠭᠤᠴᠢᠨ ᠳᠤᠯᠤᠳᠤᠭᠠᠷ ᠵᠦᠢᠯ ᠤᠨ ᠲᠤᠭᠲᠠᠭᠠᠯ ᠳᠤ᠂ ︽ᠵᠤᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠠᠢ᠂ | ᠪᠠᠩᠬᠢ᠂ ᠲᠡᠷᠭᠡᠨ ᠦᠷᠲᠡᠭᠡ᠂ ᠵᠤᠭ᠎ᠠ ᠴᠡᠩᠬᠡᠯ ᠤᠨ ᠭᠠᠵᠠᠷ ᠵᠡᠷᠭᠡ ᠤᠯᠠᠨ ᠨᠡᠶᠢᠲᠡ ᠶᠢᠨ ᠲᠠᠯᠠᠪᠠᠢ ᠶᠢᠨ | ᠬᠠᠮᠢᠶᠠᠷᠤᠭᠴᠢ ᠪᠤᠶᠤ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢᠨ ᠵᠤᠬᠢᠶᠠᠨ ᠪᠠᠶᠢᠭᠤᠯᠤᠭᠴᠢ ᠨᠢ ᠠᠮᠤᠷ | ᠲᠦᠪᠰᠢᠨ ᠢ ᠪᠠᠲᠤᠯᠠᠬᠤ ᠡᠭᠦᠷᠭᠡ ᠪᠠᠨ ᠦᠯᠦ ᠭᠦᠢᠴᠡᠳᠭᠡᠵᠦ᠂ ᠪᠤᠰᠤᠳ ᠲᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ︔ ᠭᠤᠷᠪᠠᠳᠡᠬᠢ ᠬᠦᠮᠦᠨ ᠤ | ᠠᠵᠢᠯᠯᠠᠭ᠎ᠠ ᠠᠴᠠ ᠪᠤᠯᠵᠦ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠭᠤᠷᠪᠠᠳᠡᠬᠢ ᠬᠦᠮᠦᠨ ᠨᠢ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠠ︔ ᠬᠠᠮᠢᠶᠠᠷᠤᠭᠴᠢ ᠪᠤᠶᠤ ᠵᠤᠬᠢᠶᠠᠨ ᠪᠠᠶᠢᠭᠤᠯᠤᠭᠴᠢ ᠨᠢ ᠠᠮᠤᠷ | ᠲᠦᠪᠰᠢᠨ ᠢ ᠪᠠᠲᠤᠯᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠵᠤᠬᠢᠬᠤ | ᠬᠡᠮᠵᠢᠶᠡᠨ ᠤ ᠨᠦᠬᠦᠪᠦᠷᠢ ᠦᠭᠬᠦ ᠬᠠᠷᠢᠭᠤᠴᠠᠯᠭ᠎ᠠ ᠶᠢ ᠡᠭᠦᠷᠭᠡᠯᠡᠨ᠎ᠠ︾ ᠭᠡᠵᠦ ᠲᠤᠭᠲᠠᠭᠠᠪᠠ᠃ ︽ᠡᠷᠬᠡ ᠳᠤ | ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠨᠠᠶᠠᠨ ᠬᠤᠶᠠᠳᠤᠭᠠᠷ ᠵᠦᠢᠯ ᠤᠨ ᠲᠤᠭᠲᠠᠭᠠᠯ ᠳᠤ᠂ ︽ | ᠬᠠᠶᠠᠭᠳᠠᠭᠰᠠᠨ᠂ ᠲᠤᠲᠠᠭᠠᠭᠰᠠᠨ ᠠᠮᠢᠲᠠᠨ ᠳᠤ ᠬᠠᠵᠠᠭᠳᠠᠭᠰᠠᠨ᠂ ᠲᠤᠲᠠᠭᠠᠭᠰᠠᠨ ᠬᠤᠭᠤᠴᠠᠭᠠᠨ ᠳᠠᠭᠠᠨ | ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠮᠢᠲᠠᠨ ᠤ ᠤᠤᠯ ᠤᠨ ᠲᠡᠵᠢᠭᠡᠭᠴᠢ ᠪᠤᠶᠤ | ᠬᠠᠮᠢᠶᠠᠷᠤᠭᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠠ︾ ᠭᠡᠵᠦ ᠲᠤᠭᠲᠠᠭᠠᠵᠠᠢ᠃ ︵ᠡᠬᠡ | ᠪᠢᠴᠢᠭ ᠢ ︽ᠬᠠᠤᠯᠢ ᠪᠠᠷ ᠵᠠᠰᠠᠬᠤ ᠰᠦᠯᠵᠢᠶ᠎ᠠ︾ ᠠᠴᠠ ᠤᠷᠴᠢᠭᠤᠯᠤᠨ ᠨᠠᠶᠢᠷᠠᠭᠤᠯᠵᠦ ᠠᠪᠤᠪᠠ︶ |