10 ᠳ᠋ᠤᠭᠠᠷ ᠰᠠᠷ᠎ᠠ ᠶᠢᠨ 25 ᠤ ᠡᠳᠤᠷ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯ ᠳᠤ ᠦᠨᠡᠯᠡᠯᠲᠡ ᠬᠢᠪᠡ᠂ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠣ ᠸᠧᠨ ᠪᠢᠶᠣᠣ᠂ ᠳᠡᠳ᠋ | ᠡᠷᠬᠢᠯᠡᠭᠴᠢ ᠭᠤᠣ ᠯᠠᠨ ᠭᠧᠨ᠂ ᠳ᠋ᠢ ᠭᠦᠸᠧ ᠰᠢᠶᠦᠩ᠂ ᠼᠣᠣ ᠰᠢᠤᠸᠠᠢ ᠵᠢᠶᠦ᠋ᠨ᠂ ᠯᠢ ᠯᠦ ᠳᠠᠶᠢᠴᠢᠯᠠᠯᠲᠠ ᠶᠢᠨ | ᠬᠤᠷᠠᠯ ᠳᠤ ᠣᠷᠤᠯᠴᠠᠪᠠ᠃ | ᠬᠤᠷᠠᠯ ᠳᠡᠭᠡᠷ᠎ᠡ᠂ ᠯᠢ ᠯᠦ ᠳᠠᠶᠢᠴᠢᠯᠠᠯᠲᠠ ᠶᠢᠨ ᠦᠭᠡ ᠶᠠᠷᠢᠵᠤ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠠᠴᠠ ᠣᠶᠢᠷ᠎ᠠ ᠶᠢᠨ ᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠬᠢᠪᠡ᠃ ᠳᠠᠷᠠᠭ᠎ᠠ ᠨᠢ ᠠᠷᠠᠳ ᠤᠨ ᠰᠠᠨᠠᠯ ᠢ ᠦᠨᠡᠯᠡᠬᠦ᠂ ᠦᠨᠡᠯᠡᠯᠲᠡ ᠶᠢᠨ ᠳᠤᠭᠤᠶᠢᠯᠠᠩ ᠪᠣᠯᠤᠨ | ᠬᠤᠯᠪᠤᠭᠳᠠᠯ ᠪᠥᠬᠦᠢ ᠬᠥᠮᠦᠰ ᠯᠦᠭᠡ ᠶᠠᠷᠢᠯᠴᠠᠭ᠎ᠠ ᠥᠷᠨᠢᠭᠦᠯᠪᠡ᠃ | ᠡᠣ ᠸᠧᠨ ᠪᠢᠶᠣᠣ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠨᠡᠯᠡᠯᠲᠡ ᠶᠢ ᠬᠦᠯᠢᠶᠡᠨ ᠠᠪᠬᠤ | ᠠᠵᠢᠯ ᠢ ᠭᠦᠢᠴᠡᠳ ᠨᠣᠲᠠᠯᠠᠵᠤ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠠᠭ ᠲᠤᠬᠠᠢ ᠳᠤ ᠨᠢ ᠲᠣᠬᠢᠷᠠᠭᠤᠯᠤᠨ | ᠪᠠᠶᠢᠷᠢᠯᠠᠭᠤᠯᠵᠤ᠂ ᠰᠠᠶᠢᠨ ᠳᠤᠷ᠎ᠠ ᠠᠴᠠ ᠪᠠᠨ ᠬᠦᠯᠢᠶᠡᠨ ᠠᠪᠴᠤ᠂ ᠢᠳᠡᠪᠬᠢᠲᠠᠢ ᠣᠪᠤᠷ᠂ ᠯᠠᠪᠳᠠᠭᠤᠨ ᠬᠢᠨᠠᠮᠠᠭᠠᠢ | ᠠᠵᠢᠯ ᠤᠨ ᠰᠤᠷᠲᠠᠯ ᠢᠶᠠᠷ ᠲᠤᠰ ᠤᠳᠠᠭᠠᠨ ᠤ ᠦᠨᠡᠯᠡᠯᠲᠡ ᠶᠢᠨ ᠠᠵᠢᠯ ᠢ ᠪᠠᠶᠢᠷᠢᠯᠠᠭᠤᠯᠤᠭᠰᠠᠨ ᠪᠠ ᠴᠢᠳᠠᠪᠤᠷᠢᠲᠠᠨ ᠢ | ᠨᠥᠭᠡᠴᠡᠯᠡᠬᠦ ᠠᠵᠢᠯ ᠢ ᠰᠠᠶᠢᠨ ᠬᠢᠭᠰᠡᠨ ᠪᠠᠶᠢᠨ᠎ᠠ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠠᠴᠠ ᠲᠤᠭ᠎ᠠ | ᠪᠦᠷᠢᠳᠬᠡᠯ ᠤᠨ ᠦᠨᠡᠯᠡᠯᠲᠡ ᠶᠢᠨ ᠠᠵᠢᠯ ᠢ ᠶᠡᠬᠡᠪᠡᠷ ᠬᠦᠨᠳᠦᠳᠬᠡᠬᠦ ᠪᠠ ᠬᠠᠯᠠᠮᠵᠢᠯᠠᠨ ᠳᠡᠮᠵᠢᠬᠦ ᠪᠣᠯᠤᠨ᠎ᠠ᠃ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠪᠥᠬᠦ ᠠᠵᠢᠯᠲᠠᠨ ᠠᠵᠢᠯᠴᠢᠨ ᠣᠶᠤᠨ ᠴᠢᠳᠠᠯ ᠢᠶᠠᠨ ᠲᠥᠪᠯᠡᠷᠡᠭᠦᠯᠦᠨ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠤᠳᠠᠲᠠᠢ᠂ ᠣᠨᠤᠪᠴᠢᠲᠠᠢ ᠪᠠᠶᠢᠬᠤ ᠶᠢ ᠪᠠᠲᠤᠯᠠᠵᠤ ᠲᠤᠭ᠎ᠠ | ᠪᠦᠷᠢᠳᠬᠡᠯ ᠤᠨ ᠠᠵᠢᠯ ᠢ ᠰᠠᠶᠢᠨ ᠬᠢᠬᠦ ᠬᠡᠷᠡᠭᠲᠡᠢ ᠭᠡᠵᠠᠢ᠃ |