| | | 11 ᠳ᠋ᠦ᠋ᠭᠡᠷ ᠰᠠᠷ᠎ᠠ ᠶᠢᠨ 14 ᠤ ᠡᠳᠤᠷ᠂ ᠦᠴᠦᠸᠠᠨ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠴᠠ《 ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ》 ᠶᠢᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠸᠧᠨ ᠪᠢᠶᠣᠣ᠂ ᠳᠡᠳ᠋ ᠡᠷᠬᠢᠯᠡᠭᠴᠢ ᠭᠤᠣ ᠯᠠᠨ ᠭᠧᠨ᠂ | ᠳ᠋ᠢ ᠭᠦᠸᠧ ᠰᠢᠶᠦ᠋ᠩ᠂ ᠼᠤᠤ ᠰᠢᠤᠸᠠᠢ ᠵᠢᠶᠦ᠋ᠨ᠂ ᠯᠢ ᠯᠦ᠂ ᠵᠠᠰᠠᠭ ᠤᠨ ᠣᠷᠳᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠸᠠᠩ ᠶᠤᠸᠢ ᠾᠥᠩ ᠵᠢᠴᠢ ᠣᠷᠤᠨ ᠰᠠᠭᠤᠴᠠ ᠪᠠ ᠬᠤᠲᠠ ᠬᠥᠳᠡᠭᠡ ᠶᠢᠨ | ᠪᠥᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ ᠬᠠᠷᠢᠯᠴᠠᠭᠠᠨ ᠤ | ᠴᠠᠭᠳᠠᠭᠠᠨ ᠤ ᠠᠩᠬᠢ ᠵᠡᠷᠭᠡ ᠬᠤᠯᠪᠤᠭᠳᠠᠯ ᠪᠥᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠯᠲᠠ ᠳᠤ | ᠣᠷᠤᠯᠴᠠᠪᠠ᠃ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠪᠠᠶᠢᠴᠠᠭᠠᠬᠤ ᠥᠷᠲᠡᠭᠡ᠂ ᠰᠢᠶᠠᠨ ᠤ ᠵᠠᠮ ᠬᠠᠷᠢᠯᠴᠠᠭᠠᠨ ᠤ ᠴᠠᠭᠳᠠᠭᠠᠨ ᠤ ᠠᠩᠬᠢ᠂ | ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠰᠢᠶᠠᠨ ᠤ ᠳᠣᠲᠤᠷᠠᠬᠢ ᠴᠢᠬᠤᠯᠠ ᠵᠠᠮ ᠬᠠᠷᠢᠯᠴᠠᠭᠠᠨ ᠤ | ᠠᠭᠤᠯᠵᠠᠷ ᠲᠤ ᠭᠦᠨᠵᠡᠭᠡᠶᠢᠷᠡᠵᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ | ᠰᠣᠨᠤᠰᠬᠤ᠂ ᠰᠠᠨᠠᠯ ᠪᠣᠳᠤᠯ ᠢᠶᠠᠨ ᠰᠣᠯᠢᠯᠴᠠᠬᠤ ᠵᠡᠷᠭᠡ ᠠᠷᠭ᠎ᠠ ᠠᠪᠴᠠᠯ ᠢᠶᠠᠷ᠂ ᠵᠠᠰᠠᠭ ᠤᠨ ᠣᠷᠳᠤᠨ ᠵᠢᠴᠢ ᠬᠠᠮᠢᠶ᠎ᠠ | ᠪᠥᠬᠦᠢ ᠰᠠᠯᠠᠭ᠎ᠠ ᠮᠦᠴᠢᠷ᠂ ᠬᠤᠯᠪᠤᠭᠳᠠᠯ ᠪᠥᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ《 ᠵᠠᠮ | ᠬᠠᠷᠢᠯᠴᠠᠭᠠᠨ ᠤ ᠠᠮᠤᠷ ᠲᠥᠪᠰᠢᠨ ᠤ ᠬᠠᠤᠯᠢ》 ᠶᠢ ᠰᠤᠷᠤᠯᠴᠠᠨ ᠲᠤᠭᠤᠰᠢᠯᠠᠭᠤᠯᠵᠤ ᠪᠠᠶᠢᠭ᠎ᠠ ᠪᠠᠶᠢᠳᠠᠯ᠂ ᠵᠠᠮ | ᠬᠠᠷᠢᠯᠴᠠᠭᠠᠨ ᠤ ᠠᠶᠤᠯᠭᠦᠢ ᠶᠢᠨ ᠪᠡᠯᠡᠳᠬᠡᠮᠵᠢ ᠶᠢᠨ ᠲᠥᠯᠦᠪᠵᠢᠭᠦᠯᠭᠡ᠂ ᠪᠥᠲᠦᠭᠡᠨ ᠪᠠᠶᠢᠭᠤᠯᠤᠯᠲᠠ᠂ ᠬᠠᠮᠢᠶᠠᠷᠤᠯᠲᠠ | ᠂ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠳᠤ ᠪᠠᠶᠢᠴᠠᠭᠠᠯᠲᠠ ᠬᠢᠪᠡ᠃ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠩᠬᠢ ᠵᠢᠭᠠᠵᠤ ᠭᠠᠷᠭᠠᠭᠰᠠᠨ ᠨᠢ᠂ ᠡᠯ᠎ᠡ ᠬᠤᠯᠪᠤᠭᠳᠠᠯ ᠪᠥᠬᠦᠢ | ᠰᠠᠯᠠᠭ᠎ᠠ ᠮᠦᠴᠢᠷ᠂ ᠠᠵᠤ ᠠᠬᠤᠶᠢᠯᠠᠯ ᠨᠢ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠢ ᠪᠤᠯᠭᠠᠵᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ ᠬᠠᠤᠯᠢ ᠴᠠᠭᠠᠵᠠ ᠶᠢ | ᠤᠬᠠᠭᠤᠯᠬᠤ ᠶᠢ ᠤᠶᠠᠯᠳᠤᠭᠤᠯᠵᠤ᠂《 ᠵᠠᠮ ᠬᠠᠷᠢᠯᠴᠠᠭᠠᠨ ᠤ ᠠᠮᠤᠷ ᠲᠥᠪᠰᠢᠨ ᠤ ᠬᠠᠤᠯᠢ》 ᠶᠢ ᠰᠤᠷᠤᠯᠴᠠᠨ | ᠤᠬᠠᠭᠤᠯᠬᠤ ᠠᠵᠢᠯ ᠢ ᠡᠳᠤᠷ ᠳᠣᠲᠤᠮ ᠶᠢᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠎ᠠ︔ ᠤᠷᠢᠳᠴᠢᠯᠠᠨ | ᠰᠡᠷᠭᠡᠶᠢᠯᠡᠬᠦ ᠠᠵᠢᠯ ᠢ ᠰᠠᠶᠢᠲᠤᠷ ᠬᠢᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢ ᠲᠣᠳᠤᠷᠬᠠᠶᠢᠯᠠᠵᠤ᠂ ᠤᠷᠢᠳᠴᠢᠯᠠᠨ | ᠰᠡᠷᠭᠡᠶᠢᠯᠡᠵᠤ᠂ ᠵᠠᠮ ᠬᠠᠷᠢᠯᠴᠠᠭᠠᠨ ᠤ ᠠᠳᠡᠯ ᠡᠭᠦᠰᠬᠦ ᠨᠤᠷᠮ᠎ᠠ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ | ᠪᠠᠭᠠᠰᠬᠠᠵᠤ᠂ ᠦᠷ᠎ᠡ ᠪᠥᠲᠦᠮᠵᠢᠲᠠᠢ ᠪᠠᠶᠢᠬᠤ ᠶᠢ ᠴᠢᠬᠤᠯᠠᠴᠢᠯᠠᠵᠤ᠂ ᠴᠡᠭᠴᠡᠯᠡᠨ ᠵᠠᠰᠠᠯᠲᠠ ᠶᠢ ᠨᠠᠶᠢᠳᠠᠪᠤᠷᠢᠵᠢᠭᠤᠯᠵᠤ᠂ | ᠴᠡᠭᠴᠡᠯᠡᠨ ᠵᠠᠰᠠᠬᠤ ᠠᠵᠢᠯ ᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠪᠥᠬᠦ ᠶᠠᠪᠤᠴᠠ ᠳᠤ | ᠲᠣᠭᠤᠰᠢᠯᠠᠭᠤᠯᠵᠤ᠂ ᠪᠠᠶᠢᠴᠠᠭᠠᠬᠤ ᠠᠴᠠ ᠡᠮᠦᠨ᠎ᠡ ᠵᠠᠯᠠᠷᠠᠭᠤᠯᠵᠤ᠂ ᠪᠠᠶᠢᠴᠠᠭᠠᠬᠤ ᠶᠢᠨ ᠳᠠᠭᠤ ᠵᠠᠰᠠᠭᠰᠠᠨ ᠪᠠᠶᠢᠬᠤ | ᠬᠡᠷᠡᠭᠲᠡᠢ ᠭᠡᠪᠡ᠃ |