11 ᠳ᠋ᠦ᠋ᠭᠡᠷ ᠰᠠᠷ᠎ᠠ ᠠᠴᠠ ᠡᠬᠢᠯᠡᠨ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠠᠴᠠ ᠲᠦᠷᠦᠭᠦᠯᠡᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠣᠶᠣᠯ ᠪᠡᠶ᠎ᠡ ᠶᠢᠨ ᠲᠠᠮᠢᠷ ᠷᠠᠳᠢᠣ᠋ | ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠠᠵᠤ ᠠᠬᠤᠶ ᠰᠤᠷᠠᠭ ᠵᠠᠩᠭᠢᠴᠢᠯᠠᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠶᠠᠳᠠᠭᠤ ᠶᠢ | ᠲᠡᠳᠬᠦᠬᠦ ᠠᠯᠪᠠᠨ ᠭᠡᠷ᠂ ᠤᠯᠠᠭᠠᠨᠮᠥ᠋ᠴᠢᠷ ᠵᠡᠷᠭᠡ ᠤᠯᠠᠨ ᠰᠠᠯᠠᠭ᠎ᠠ ᠮᠥᠴᠢᠷ ᠬᠠᠮᠲᠣᠷᠠᠨ ᠬᠤᠶᠠᠷ ︽ᠲᠠᠯ᠎ᠠ ᠨᠤᠲᠤᠭ | ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠩᠭᠡᠨ ᠮᠣᠷᠢᠲᠤ ᠴᠡᠷᠢᠭ︾ ᠤᠨ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠩᠬᠢ ᠶᠢ ᠵᠣᠬᠢᠶᠠᠨ ᠪᠠᠶᠢᠭᠤᠯᠵᠣ᠂ ᠲᠤᠰ ᠲᠤᠰ ᠪᠦᠬᠦ ᠰᠢᠶᠠᠨ ᠤ ᠡᠯ᠎ᠡ ᠭᠠᠵᠠᠷ | ᠲᠤ ᠭᠦᠨᠵᠡᠭᠡᠶᠢᠷᠡᠵᠦ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ | ᠣᠴᠢᠬᠤ︾ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ | ᠤᠯᠠᠭᠠᠨᠮᠥ᠋ᠴᠢᠷ +︾ ᠬᠡᠯᠪᠡᠷᠢ ᠪᠠᠷ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠬᠤ᠂ | ᠡᠮᠴᠢᠯᠡᠭᠡᠨ ᠤ ᠦᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ ᠵᠢᠴᠢ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ | ᠶᠡᠷᠦᠩᠬᠡᠶᠢᠯᠡᠭᠰᠡᠨ ᠴᠢᠨᠠᠷᠲᠠᠶ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠥᠷᠨᠢᠭᠦᠯᠵᠦ᠂ ᠦᠨᠳᠦᠰᠦᠨ | ᠱᠠᠲᠤᠨ ᠤ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠠᠮᠵᠢᠯᠲᠠ ᠲᠠᠢ ᠪᠠᠷ ᠪᠡᠶᠡᠯᠡᠭᠦᠯᠬᠦ ᠶᠢ ᠲᠦᠯᠬᠢᠨ ᠠᠬᠢᠭᠤᠯᠣᠭᠰᠠᠨ ᠪᠠᠶᠢᠨ᠎ᠠ᠃ | 11 ᠳ᠋ᠦ᠋ᠭᠡᠷ ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ︽ᠲᠠᠯ᠎ᠠ ᠨᠤᠲᠤᠭ ᠤᠨ ᠬᠥᠩᠭᠡᠨ ᠮᠣᠷᠢᠲᠤ | ᠴᠡᠷᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠨᠢᠭᠡᠳᠦᠭᠡᠷ ᠰᠠᠯᠪᠤᠷᠢ ᠪᠠᠭ᠎ᠠ ᠠᠩᠭᠢ ᠶᠢᠨ ᠬᠢᠨ ᠱᠠᠪᠠᠭ᠋ᠠᠢ | ᠰᠢᠶᠠᠩ ᠤᠨ ᠪᠠᠭ᠎ᠠ ᠵᠢᠯᠠᠭ᠎ᠠ ᠲᠣᠰᠬᠤᠨ ᠳᠤ ᠬᠦᠷᠴᠦ᠂ ᠠᠩᠬ᠎ᠠ ᠤᠳᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠠᠵᠢᠯᠯᠠᠭ᠎ᠠ ᠪᠠᠨ ᠥᠷᠨᠢᠭᠦᠯᠦᠭᠰᠡᠨ ᠪᠠᠶᠢᠨ᠎ᠠ᠃ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠬᠦᠩᠭᠡᠨ ᠮᠣᠷᠢᠲᠤ ᠴᠡᠷᠢᠭ︾ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠥᠳᠡᠭᠡ ᠲᠣᠰᠬᠤᠨ ᠤ ᠪᠣᠳᠠᠲᠠᠶ ᠪᠠᠶᠢᠳᠠᠯ | ᠲᠠᠢ ᠤᠶᠠᠯᠳᠤᠭᠤᠯᠤᠨ᠂ ᠲᠣᠰᠬᠤᠨ ᠤ ᠠᠷᠠᠳ ᠤᠨ ᠨᠡᠶᠢᠳᠡᠮ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ | ᠳᠤ ᠴᠢᠭᠯᠡᠭᠦᠯᠦᠨ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ | ᠡᠮ ᠡᠮᠨᠡᠯᠭᠡ ᠡᠷᠡᠭᠦᠯ ᠬᠠᠮᠠᠭᠠᠯᠠᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠤᠬᠠᠭᠤᠯᠭ᠎ᠠ᠂ ᠡᠯᠧᠺᠲᠷᠣᠨ | ᠬᠤᠳᠠᠯᠳᠤᠭ᠎ᠠ ᠵᠡᠷᠭᠡ ᠲᠠᠯ᠎ᠠ ᠪᠠᠷ ᠲᠠᠶᠢᠯᠤᠮᠵᠢ ᠬᠢᠭᠰᠡᠨ ᠪᠥᠭᠡᠳ ᠲᠣᠰᠬᠤᠨ ᠤ ᠠᠷᠠᠳ ᠤᠨ ᠠᠰᠠᠭᠤᠯᠲᠠ ᠶᠢ ᠨᠢᠭᠡᠳ | ᠨᠢᠭᠡ ᠪᠠᠷ ᠬᠠᠷᠢᠭᠤᠯᠵᠣ ᠥᠭᠭᠦᠭᠰᠡᠨ ᠪᠠᠶᠢᠨ᠎ᠠ᠃ | ᠠᠵᠢᠯᠯᠠᠭ᠎ᠠ ᠶᠢᠨ ᠳᠤᠮᠳᠠ᠂ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠥᠩᠭᠡᠨ ᠮᠣᠷᠢᠲᠤ | ᠴᠡᠷᠢᠭ︾ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠠᠴᠠ ᠮᠠᠯᠴᠢᠨ ᠲᠠᠷᠢᠶᠠᠴᠢᠳ ᠲᠤ ᠲᠦᠷᠥ ᠶᠢᠨ | ᠪᠣᠳᠣᠯᠭ᠎ᠠ ᠶᠢᠨ ᠲᠣᠬᠠᠢ ᠲᠠᠶᠢᠯᠣᠮᠵᠢ ᠬᠢᠬᠦ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠣ᠂ ᠳᠥᠭᠦᠮ | ᠣᠶᠢᠯᠠᠭᠠᠮᠵᠢᠲᠠᠶ ᠪᠣᠳᠠᠲᠠᠶ ᠪᠠᠶᠢᠳᠠᠯ ᠲᠠᠢ ᠣᠶᠢᠷᠠᠲᠣᠭᠰᠠᠨ ᠬᠡᠯᠪᠡᠷᠢ ᠪᠠᠷ ᠦᠨᠳᠦᠰᠦᠨ ᠱᠠᠲᠤᠨ ᠤ ᠤᠯᠠᠠ ᠲᠦᠮᠡᠨ ᠳᠤ | ᠤᠯᠠᠮ ᠨᠢᠭᠡ ᠠᠯᠬᠤᠮ ᠦᠢᠯᠡᠴᠢᠯᠡᠵᠦ᠂ ᠥᠷᠭᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠬᠤᠷᠢᠨᠭᠡᠷ ᠤᠨ ᠥᠷᠭᠡᠨ ᠣᠯᠠᠨ ᠮᠠᠯᠴᠢᠨ ᠲᠠᠷᠢᠶᠠᠴᠢᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠭᠦᠢᠴᠡᠳ ᠡᠳ᠋ᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠬᠦᠴᠦ ᠨᠡᠮᠡᠷᠢᠯᠡᠵᠡᠢ᠃ ᠬᠤᠷᠠᠯ ᠤᠨ ᠳᠠᠷᠠᠭ᠎ᠠ᠂ ᠲᠣᠰᠬᠤᠨ ᠤ | ᠠᠷᠠᠳ ᠬᠤᠷᠢᠨᠭᠡᠷ ᠰᠢᠶᠠᠨ ᠤ ᠤᠷᠠᠨ ᠪᠢᠴᠢᠯᠭᠡ ᠶᠢᠨ ᠨᠡᠶᠢᠭᠡᠮᠯᠢᠭ ᠤᠨ ᠭᠡᠰᠢᠭᠦᠳ ᠤᠨ ᠲᠤᠬᠠᠶ ᠶᠢᠨ ᠲᠠᠯᠠᠪᠤᠷ ᠲᠤ | ᠵᠣᠬᠢᠶᠠᠨ ᠪᠦᠲᠦᠭᠡᠭᠰᠡᠨ ᠤᠷᠠᠨ ᠪᠢᠴᠢᠯᠭᠡ ᠶᠢᠨ ᠪᠦᠲᠦᠭᠡᠯ ᠢ ᠰᠣᠨᠢᠷᠬᠠᠭᠰᠠᠨ ᠪᠠᠶᠢᠨ᠎ᠠ᠃ | ᠦᠳᠡ ᠶᠢᠨ ᠬᠤᠶᠢᠨ᠎ᠠ᠂ ᠬᠤᠷᠢᠨᠭᠡᠷ ᠰᠢᠶᠠᠨ ᠤ ︽ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ | ᠪᠠᠳᠠᠷᠠᠭᠤᠯᠵᠤ᠂ ᠥᠨᠢ ᠡᠭᠦᠷᠢᠳᠡ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠣᠶ᠎ᠠ︾ | ᠬᠡᠮᠡᠬᠦ ᠤᠳᠬ᠎ᠠ ᠤᠷᠠᠯᠢᠭ ᠤᠨ ᠬᠥᠳᠡᠭᠡ ᠪᠠᠭᠤᠬᠤ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠬᠤᠷᠢᠨᠭᠡᠷ ᠰᠢᠶᠠᠨ ᠤ | ᠤᠯᠠᠭᠠᠨᠮᠥ᠋ᠴᠢᠷ ᠤᠨ ᠬᠢᠨ ᠪᠠᠭ᠎ᠠ ᠵᠢᠯᠠᠭ᠎ᠠ ᠲᠤᠰᠬᠤᠨ ᠤ ᠠᠷᠠᠳ ᠲᠤ ᠳᠠᠭᠤᠤ ᠪᠥᠵᠢᠭ ᠤᠨ ᠲᠣᠭᠯᠠᠯᠲᠠ᠂ ᠱᠤᠭ | ᠵᠦᠴᠦᠭᠡ᠂ ᠱᠠᠨ ᠰᠢ ᠵᠦᠴᠦᠭᠡ᠂ ᠬᠤᠶᠠᠷ ᠬᠥᠮᠦᠨ ᠤ ᠡᠯᠭᠦᠴᠡᠭᠡ᠂ ᠬᠦᠭᠵᠢᠮᠳᠡᠬᠦᠷ ᠤᠨ ᠬᠥᠭᠵᠢᠮ ᠵᠡᠷᠭᠡ ᠣᠯᠠᠨ | ᠶᠠᠩᠵᠤ ᠬᠡᠯᠪᠡᠷᠢ ᠶᠢᠨ ᠲᠣᠭᠯᠠᠯᠲᠠ ᠠᠪᠴᠢᠷᠠᠵᠤ᠂ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ |