| | | 11 ᠳ᠋ᠦ᠋ᠭᠡᠷ ᠰᠠᠷ᠎ᠠ ᠶᠢᠨ 15 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠵᠢᠴᠢ ᠰᠢᠶᠠᠨ ᠤ ᠤᠳᠤᠷᠢᠳᠤᠯᠭ᠎ᠠ ᠰᠢᠶᠧ ᠴᠢᠣᠢ ᠫᠢᠩ᠂ | ᠫᠧᠩ ᠱᠣᠣ ᠴᠦᠩ᠂ ᠸᠠᠩ ᠶᠤᠸᠢ ᠾᠦᠩ ᠪᠣᠯᠣᠨ ᠦᠴᠦᠸᠠᠨ ᠰᠢᠶᠠᠨ ᠤ ᠤᠯᠠᠭᠠᠨᠮᠦ᠋ᠴᠢᠷ ᠤᠨ ᠪᠥᠬᠦ ᠭᠡᠰᠢᠭᠦᠳ | ᠰᠠᠭᠤᠳᠠᠯ ᠤᠨ ᠬᠤᠷᠠᠯ ᠬᠢᠪᠡ᠃ | ᠰᠠᠭᠤᠳᠠᠯ ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠲᠠᠯ ᠤᠨ ᠵᠢᠭᠠᠪᠤᠷᠢ ᠵᠣᠷᠢᠭ ᠰᠠᠨᠠᠭ᠎ᠠ ᠶᠢ ᠡᠷᠭᠢᠴᠡᠭᠦᠯᠪᠡ︔ | ᠤᠯᠠᠭᠠᠨᠮᠦ᠋ᠴᠢᠷ ᠤᠨ ᠬᠠᠷᠢᠭᠤᠴᠠᠯᠭᠠᠲᠠᠨ ᠠᠴᠠ ᠭᠡᠰᠢᠭᠦᠳ ᠤᠨ ᠰᠤᠷᠤᠯᠴᠠᠯᠭ᠎ᠠ ᠶᠢᠨ ᠪᠠᠶᠢᠳᠠᠯ ᠢ ᠬᠠᠷᠢᠭᠤ ᠮᠡᠳᠡᠭᠦᠯᠵᠤ᠂ | ᠬᠤᠷᠠᠯ ᠳᠤ ᠣᠷᠤᠯᠴᠠᠭᠰᠠᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠢᠶᠠᠨ ᠤ ᠤᠯᠠᠭᠠᠨᠮᠦ᠋ᠴᠢᠷ ᠤᠨ ᠬᠢᠨ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ ᠶᠡᠷᠦᠩᠬᠡᠢ ᠱᠦᠵᠢ ᠰᠢ ᠶᠢᠨ ᠫᠢᠩ ᠤᠨ | ᠤᠯᠠᠭᠠᠨᠮᠦ᠋ᠴᠢᠷ ᠤᠨ ᠦᠢᠯᠡᠰ ᠤᠨ ᠬᠥᠭᠵᠢᠯᠲᠡ ᠳᠤ ᠲᠠᠯᠪᠢᠭᠰᠠᠨ ᠱᠠᠭᠠᠷᠳᠠᠯᠭ᠎ᠠ ᠶᠢ ᠪᠥᠬᠦ ᠲᠠᠯ᠎ᠠ ᠢᠶᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠦ᠋ᠴᠢᠷ ᠤᠨ ᠴᠢᠳᠠᠮᠵᠢ ᠶᠢ ᠭᠦᠢᠴᠡᠳ ᠪᠠᠳᠠᠷᠠᠭᠤᠯᠵᠣ᠂ | ᠦᠨᠳᠦᠰᠦᠨ ᠱᠠᠲᠤᠨ ᠳᠤ ᠦᠢᠯᠡᠴᠢᠯᠡᠨ᠂ ᠠᠷᠠᠳ ᠲᠥᠮᠡᠨ ᠤ ᠳᠣᠮᠳᠠ ᠦᠨᠳᠦᠰᠦᠯᠡᠵᠤ᠂ ᠡᠯ᠎ᠡ ᠵᠦᠢᠯ ᠤᠨ ᠠᠵᠢᠯ ᠢ | ᠢᠳᠡᠪᠬᠢᠲᠠᠢ ᠥᠷᠨᠢᠭᠦᠯᠪᠡ᠃ ᠣᠳᠣᠬᠠᠨ ᠪᠣᠯᠲᠠᠯ᠎ᠠ᠂ ᠲᠣᠭᠯᠠᠯᠲᠠ ᠶᠢᠨ ᠠᠩᠬᠢ ᠶᠢᠨ ᠬᠢᠨ ᠬᠥᠳᠡᠭᠡ ᠲᠣᠰᠬᠤᠨ᠂ | ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ᠂ ᠰᠤᠷᠭᠠᠭᠤᠯᠢ ᠳᠤ ᠭᠦᠨᠵᠡᠭᠡᠶᠢᠷᠡᠵᠦ ᠨᠡᠶᠢᠲᠡ109 ᠲᠠᠯᠠᠪᠠᠢ | ᠲᠣᠭᠯᠠᠯᠲᠠ ᠭᠠᠷᠭᠠᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠨᠠᠶᠢᠳᠠᠪᠤᠷᠢᠵᠢᠭᠤᠯᠬᠤ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠥᠭᠡᠷᠡᠴᠢᠯᠡᠯᠲᠡ ᠬᠢᠵᠣ ᠴᠢᠯᠦᠭᠡᠲᠠᠢ | ᠶᠠᠪᠤᠯᠴᠠᠭᠰᠠᠨ40 ᠵᠢᠯ ᠤᠨ ᠣᠢ ᠶᠢ ᠪᠡᠯᠭᠡᠯᠡᠬᠦ ᠪᠠ ᠣᠯᠠᠨ ᠲᠥᠮᠡᠨ ᠤ ᠦᠵᠡᠬᠦ ᠳᠤᠷᠠᠲᠠᠢ ᠤᠯᠠᠮᠵᠢᠯᠠᠯᠲᠤ ᠰᠢᠯᠢᠳᠡᠭ | ᠲᠣᠭᠯᠠᠯᠲᠠ ᠵᠡᠷᠭᠡ ᠠᠭᠤᠯᠭ᠎ᠠ ᠶᠢ ᠪᠠᠭᠲᠠᠭᠠᠵᠤ᠂ ᠣᠨᠴᠠᠭᠠᠶᠢᠯᠠᠨ ᠳᠤᠷᠠᠳᠤᠭᠤᠰᠢᠲᠠᠢ ᠨᠢ᠂《 ᠤᠯᠠᠭᠠᠨᠮᠦᠴᠢᠷ | ᠤᠳᠬ᠎ᠠ ᠤᠷᠠᠯᠢᠭ ᠢᠶᠠᠷ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠳᠡᠮᠵᠢᠬᠦ》ᠲᠣᠭᠤᠷᠢᠯ | ᠲᠣᠭᠯᠠᠯᠲᠠ ᠶᠢ ᠥᠷᠨᠢᠭᠦᠯᠵᠤ᠂ ᠥᠷᠭᠡᠨ ᠣᠯᠠᠨ ᠠᠷᠠᠳ ᠲᠥᠮᠡᠨ ᠤ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ | ᠶᠦᠨ ᠬᠠᠢ ᠰᠠᠭᠤᠳᠠᠯ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ | ᠫᠢᠩ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠲᠠᠯ | ᠪᠣᠯ ᠬᠥᠲᠦᠯᠪᠦᠷᠢ ᠶᠢᠨ ᠴᠢᠨᠠᠷᠲᠠᠢ ᠴᠢᠬᠤᠯᠠ ᠵᠢᠯᠤᠭᠤᠳᠬᠤ ᠦᠵᠡᠯ ᠰᠠᠨᠠᠭ᠎ᠠ ᠮᠦᠨ᠂ ᠵᠠᠪᠠᠯ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ᠨᠠᠷᠢᠯᠢᠭ ᠡᠵᠡᠮᠰᠢᠵᠤ᠂ ᠤᠯᠠᠭᠠᠨᠮᠦ᠋ᠴᠢᠷ ᠤᠨ ᠦᠨᠳᠦᠰᠦᠨ ᠱᠠᠲᠤᠨ ᠳᠠᠬᠢ | ᠲᠣᠭᠯᠠᠯᠲᠠ ᠶᠢᠨ ᠳᠣᠮᠳᠠ ᠲᠤᠭᠤᠰᠢᠯᠠᠭᠤᠯᠬᠤ ᠬᠡᠷᠡᠭᠲᠡᠢ᠂ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ | ᠵᠠᠬᠢᠲᠠᠯ ᠢᠯᠡᠭᠡᠭᠰᠡᠨ ᠤ ᠴᠢᠬᠤᠯᠠ ᠢᠯᠡᠷᠡᠯ ᠮᠦᠨ᠃ ᠤᠯᠠᠭᠠᠨᠮᠦ᠋ᠴᠢᠷ ᠤᠨ ᠬᠢᠨ ᠡᠩᠨᠡᠭᠡᠨ ᠤ ᠬᠠᠮᠢᠶᠠᠷᠤᠯᠲᠠ ᠪᠠᠨ | ᠴᠢᠩᠭᠠᠳᠬᠠᠵᠤ᠂ ᠣᠳᠣᠬᠠᠨ ᠤ ᠲᠥᠷᠦ ᠶᠢᠨ ᠪᠣᠳᠤᠯᠭ᠎ᠠ ᠳᠤ ᠨᠡᠶᠢᠴᠡᠭᠰᠡᠨ᠂ ᠪᠤᠳᠠᠲᠠᠢ ᠲᠠᠢ ᠤᠶᠠᠯᠳᠤᠭᠰᠠᠨ ᠨᠡᠩ | ᠣᠯᠠᠨ ᠨᠡᠩ ᠰᠠᠶᠢᠨ ᠰᠢᠯᠢᠳᠡᠭ ᠲᠣᠭᠯᠠᠯᠲᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ | ᠡᠷᠡᠮᠡᠯᠵᠡᠯ ᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃ |