ᠬᠦᠬᠡᠬᠤᠳᠠ ᠶᠢᠨ ᠨᠢᠰᠬᠦ ᠣᠩᠭᠤᠴᠠᠨ ᠤ ᠪᠠᠭᠤᠳᠠᠯ ᠤᠨ ᠡᠪᠤᠯ ᠤᠨ ᠤᠯᠠᠷᠢᠯ ᠤᠨ ᠨᠢᠰᠦᠯᠬᠡ ᠶᠡᠭᠡ ᠬᠡᠮᠵᠢᠶᠡᠨ ᠤ ᠬᠦᠩᠬᠡᠯᠡᠯᠲᠡ ᠲᠠᠢ ᠲᠠᠰᠤᠯᠪᠦᠷᠢ ᠬᠤᠳᠠᠯᠳᠤᠭᠠᠯᠠᠵᠤ ᠪᠤᠢ
ᠨᠡᠶᠢᠲᠡᠯᠡᠭᠰᠡᠨ ᠴᠠᠭ᠄
2018-11-21
      ᠰᠤᠷᠪᠤᠯᠵᠢᠯᠠᠭᠴᠢ ᠬᠦᠬᠡᠬᠤᠳᠠ ᠶᠢᠨ ᠨᠢᠰᠬᠦ ᠣᠩᠭᠤᠴᠠᠨ  ᠤ ᠪᠠᠭᠤᠳᠠᠯ ᠠᠴᠠ ᠤᠶᠢᠯᠠᠭᠠᠭᠰᠠᠨ ᠢᠶᠠᠷ᠂ ᠡᠪᠤᠯ ᠤᠨ ᠤᠯᠠᠷᠢᠯ ᠤᠨ ᠠᠭᠠᠷ ᠠᠶᠠᠯᠠᠯ ᠤᠨ ᠬᠤᠭᠤᠴᠠᠭ᠎ᠠ ᠢᠷᠡᠬᠦ ᠶᠢ ᠲᠠᠭᠠᠯᠳᠤᠨ᠂ ᠦᠷᠬᠡᠨ ᠤᠯᠠᠨ ᠵᠢᠭᠤᠯᠴᠢᠨ ᠤ ᠵᠤᠷᠴᠢᠬᠤ ᠱᠠᠭᠠᠷᠳᠠᠯᠭ᠎ᠠ ᠶᠢ ᠬᠠᠩᠭᠠᠬᠤ ᠶᠢᠨ ᠲᠦᠯᠦᠬᠡ᠂ ᠬᠦᠬᠡᠬᠤᠳᠠ ᠶᠢᠨ ᠨᠢᠰᠬᠦ ᠣᠩᠭᠤᠴᠠᠨ ᠤ ᠪᠠᠭᠤᠳᠠᠯ ᠺᠤᠮᠫᠠᠨᠢ ᠲᠠᠷᠠᠭᠠᠯᠠᠨ ᠶᠡᠭᠡ ᠬᠡᠮᠵᠢᠶᠡᠨ ᠤ ᠬᠦᠩᠬᠡᠯᠡᠯᠲᠡ ᠲᠠᠢ ᠲᠠᠰᠤᠯᠪᠦᠷᠢ ᠬᠤᠳᠠᠯᠳᠤᠭᠠᠯᠠᠵᠤ ᠡᠬᠢᠯᠡᠪᠡ᠃     ᠤᠳᠤᠬᠠᠨ ᠳᠤ ᠬᠦᠬᠡᠬᠤᠳᠠ ᠶᠢᠨ ᠨᠢᠰᠬᠦ ᠣᠩᠭᠤᠴᠠᠨ ᠤ ᠪᠠᠭᠤᠳᠠᠯ ᠤᠨ ᠪᠤᠷᠤᠯᠠᠭᠤᠯᠬᠤ ᠰᠢᠰᠲ᠋ᠧᠮ ᠢ ᠦᠨᠳᠤᠰᠦᠯᠡᠪᠡᠯ᠄ 11 ᠰᠠᠷ᠎ᠠ ᠶᠢᠨ ᠰᠡᠬᠦᠯᠴᠢ ᠪᠠᠷ ᠬᠦᠬᠡᠬᠤᠳᠠ ᠶᠢᠨ ᠨᠢᠰᠬᠦ ᠣᠩᠭᠤᠴᠠᠨ ᠤ ᠪᠠᠭᠤᠳᠠᠯ ᠤᠨ ᠵᠠᠷᠢᠮ ᠨᠢᠰᠦᠯᠬᠡ ᠨᠢ ᠶᠡᠭᠡ ᠬᠡᠮᠵᠢᠶ᠎ᠡ ᠪᠠᠷ 1- 4 ᠬᠤᠪᠢ ᠶᠢᠨ ᠬᠦᠩᠬᠡᠯᠡᠯᠲᠡ ᠲᠠᠢ ᠪᠠᠶᠢᠳᠠᠭ᠃ ᠡᠬᠦᠨ ᠳᠤ ᠬᠦᠬᠡᠬᠤᠳᠠ ᠠᠴᠠ ᠰᠢ ᠠᠨ ᠬᠦᠷᠬᠦ ᠳᠤ 90 ᠲᠦᠭᠦᠷᠢᠭ᠂ ᠬᠦᠬᠡᠬᠤᠳᠠ ᠠᠴᠠ ᠳ᠋ᠠᠯᠢᠶᠠᠨ ᠬᠦᠷᠬᠦ ᠳᠤ 100 ᠲᠦᠭᠦᠷᠢᠭ᠂ ᠬᠦᠬᠡᠬᠤᠳᠠ ᠠᠴᠠ ᠯᠦᠸᠧᠶᠠᠩ ᠬᠦᠷᠬᠦ ᠳᠤ 170 ᠲᠦᠭᠦᠷᠢᠭ᠂ ᠨᠠᠨᠵᠢᠩ ᠠᠴᠠ ᠬᠦᠬᠡᠬᠤᠳᠠ ᠬᠦᠷᠬᠦ ᠳᠤ 250 ᠲᠦᠭᠦᠷᠢᠭ᠂ ᠪᠦᠸᠧ ᠣᠤ ᠠᠴᠠ ᠬᠦᠬᠡᠬᠤᠳᠠ ᠬᠦᠷᠬᠦ ᠳᠤ 150 ᠲᠦᠭᠦᠷᠢᠭ ᠲᠤ ᠬᠦᠷᠴᠦ ᠪᠠᠶᠢᠨ᠎ᠠ ︵ᠲᠡᠭᠡᠷᠡᠬᠢ ᠨᠢ ᠴᠦᠮ ᠬᠠᠮᠤᠭ ᠤᠨ ᠲᠤᠤᠷ᠎ᠠ ᠦᠨ᠎ᠡ ᠪᠤᠯᠬᠤ ᠪᠦᠭᠡᠳ ᠢᠷᠭᠡᠨ ᠤ ᠠᠶᠠᠯᠠᠯ ᠤᠨ ᠬᠦᠭᠵᠢᠯᠳᠡ ᠶᠢᠨ ᠹᠤᠨᠳ᠋ ᠪᠤᠯᠤᠨ ᠲᠤᠰᠤᠨ ᠤ ᠲᠠᠭᠠᠯᠳᠠ ᠦᠨ᠎ᠡ ᠪᠠᠭᠳᠠᠬᠤ ᠦᠭᠡᠢ︶᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号