| | | 11ᠳ᠋ᠦ᠋ᠭᠡᠷ ᠰᠠᠷ᠎ᠠ ᠶᠢᠨ22 ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ | ᠰᠢᠶᠠᠨ ᠤ ᠳᠠᠷᠤᠭ᠎ᠠ ᠴᠧᠨ ᠯᠢ ᠶᠢᠨ ᠨᠠᠮ ᠵᠠᠰᠠᠭ ᠤᠨ ᠠᠯᠪᠠᠨ ᠠᠰᠠᠷ ᠤᠨ401ᠬᠤᠷᠠᠯ ᠤᠨ ᠭᠡᠷ ᠲᠤ ᠪᠦᠬᠦ | ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠶᠢ ᠠᠬᠢᠭᠤᠯᠬᠤ ᠬᠤᠷᠠᠯ ᠢ ᠡᠷᠬᠢᠯᠡᠨ | ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠰᠣᠶᠣᠯ᠂ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢ ᠵᠧᠩ ᠾᠦᠩ᠂ ᠰᠢᠶᠠᠨ ᠤ ᠳᠡᠳ᠋ ᠳᠠᠷᠤᠭ᠎ᠠ ᠬᠦᠸᠧ ᠸᠧᠨ | ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠤᠨ ᠴᠢᠩ ᠱᠦᠢ ᠾᠧ ᠰᠢᠶᠠᠨ ᠳᠤ ᠬᠦᠷᠴᠦ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠳᠤ ᠪᠠᠶᠢᠴᠠᠭᠠᠨ ᠰᠣᠳᠣᠯᠣᠯᠲᠠ ᠬᠢᠭᠰᠡᠨ ᠵᠢᠴᠢ | ᠬᠤᠲᠠ ᠶᠢᠨ ᠶᠠᠳᠠᠭᠤ ᠶᠢ ᠳᠡᠳᠬᠦᠬᠦ ᠨᠡᠭᠡᠭᠡᠨ ᠬᠦᠭᠵᠢᠭᠦᠯᠬᠦ ᠣᠳᠣᠷᠢᠳᠬᠤ ᠳᠣᠭᠤᠶᠢᠯᠠᠩ ᠤᠨ11 ᠳ᠋ᠦ᠋ᠭᠡᠷ ᠣᠳᠠᠭᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠬᠤ ᠶᠢᠨ ᠬᠠᠮᠲᠣ ᠲᠥᠪ ᠤᠨ ᠲᠣᠭᠤᠷᠢᠨ ᠪᠠᠶᠢᠴᠠᠭᠠᠬᠤ | ᠳᠣᠭᠤᠶᠢᠯᠠᠩ ᠠᠴᠠ ᠥᠪᠡᠷᠲᠡᠭᠡᠨ ᠵᠠᠰᠠᠬᠤ ᠣᠷᠣᠨ ᠳᠤ ᠰᠢᠯᠵᠢᠭᠦᠯᠦᠨ ᠲᠣᠰᠢᠶᠠᠭᠰᠠᠨ ᠨᠢᠭᠡᠳᠦᠭᠡᠷ ᠪᠦᠯᠦᠭ ᠵᠠᠬᠢᠳᠠᠯ | ᠰᠣᠷᠪᠣᠯᠵᠢᠯᠠᠭ᠎ᠠ ᠶᠢᠨ ᠮᠠᠲ᠋ᠧᠷᠢᠶᠠᠯ ᠤᠨ ᠠᠰᠠᠭᠤᠳᠠᠯ ᠢ ᠪᠠᠶᠢᠴᠠᠭᠠᠨ ᠴᠡᠭᠴᠡᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ︔ ᠱᠧᠩ ᠯᠧ ᠪᠠᠯᠭᠠᠰᠣ᠂ ᠱᠠᠪᠠᠭ᠋ᠠᠢ ᠰᠢᠶᠠᠩ᠂ ᠶᠡᠭᠡ ᠤᠯᠠᠭᠠᠨᠬᠤᠲᠠ ᠰᠢᠶᠠᠩ ᠤᠨ | ᠲᠣᠭᠤᠷᠢᠨ ᠪᠠᠶᠢᠴᠠᠭᠠᠬᠤ ᠳᠣᠭᠤᠶᠢᠯᠠᠩ ᠠᠴᠠ ᠮᠠᠨ ᠤ ᠰᠢᠶᠠᠨ ᠳᠤ ᠰᠢᠯᠵᠢᠭᠦᠯᠦᠨ ᠲᠣᠰᠢᠶᠠᠭᠰᠠᠨ ᠵᠠᠬᠢᠳᠠᠯ | ᠰᠣᠷᠪᠣᠯᠵᠢᠯᠠᠭ᠎ᠠ ᠶᠢᠨ ᠬᠡᠷᠡᠭ ᠢ ᠴᠡᠭᠴᠡᠯᠡᠨ ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ᠪᠦᠬᠦ ᠰᠢᠶᠠᠨ ᠤ ᠣᠨᠣᠪᠴᠢᠲᠠᠢ ᠢᠯᠭᠠᠨ ᠲᠠᠨᠢᠬᠤ᠂ ᠣᠨᠣᠪᠴᠢᠲᠠᠢ ᠤᠬᠤᠷᠢᠨ ᠭᠠᠷᠬᠤ ᠶᠢᠨ ᠲᠣᠬᠠᠢ | ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠶᠠᠳᠠᠭᠤ ᠶᠢ ᠳᠡᠳᠬᠦᠬᠦ ᠪᠡᠯᠡ ᠮᠦᠩᠭᠦ ᠶᠢᠨ | ᠬᠡᠷᠡᠭᠯᠡᠯᠲᠡ ᠪᠣᠯᠣᠨ ᠠᠰᠠᠭᠤᠳᠠᠯ ᠢ ᠴᠡᠭᠴᠡᠯᠡᠨ ᠵᠠᠰᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠣᠭᠰᠠᠨ ᠪᠠᠶᠢᠨ᠎ᠠ᠃ | ᠴᠧᠨ ᠯᠢ ᠶᠢᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠦᠴᠢᠷ ᠵᠠᠪᠠᠯ ᠶᠡᠷᠦᠩᠬᠡᠢ ᠱᠦᠵᠢ ᠰᠢ ᠶᠢᠨ | ᠫᠢᠩ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠶᠢᠨ ᠲᠣᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠣ᠂ ᠳᠡᠭᠡᠳᠦ ᠱᠠᠲᠣᠨ ᠤ ᠶᠠᠳᠠᠭᠤ ᠶᠢ ᠳᠡᠳᠬᠦᠬᠦ ᠨᠡᠭᠡᠭᠡᠨ ᠬᠦᠭᠵᠢᠭᠦᠯᠬᠦ | ᠣᠳᠣᠷᠢᠳᠬᠤ ᠳᠣᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠰᠢᠢᠳᠪᠦᠷᠢᠲᠦ ᠢᠯᠠᠯᠲᠠ ᠶᠢᠨ ᠱᠠᠲᠣ ᠦᠶ᠎ᠡ ᠳᠠᠬᠢ ᠰᠢᠨ᠎ᠡ | ᠣᠨᠴᠠᠯᠢᠭ ᠰᠢᠨᠵᠢ ᠶᠢ ᠣᠨᠣᠪᠴᠢᠲᠠᠢ ᠠᠳᠬᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠠᠵᠢᠯ ᠢ | ᠯᠠᠪᠳᠠᠭᠤᠨ ᠪᠠᠳᠣᠲᠠᠢ ᠲᠦᠯᠬᠢᠨ ᠠᠬᠢᠭᠤᠯᠬᠤ ᠬᠡᠷᠡᠭᠲᠡᠢ︔ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠲᠣᠰᠬᠠᠢ ᠲᠣᠭᠤᠷᠢᠨ ᠪᠠᠶᠢᠴᠠᠭᠠᠯᠲᠠ ᠶᠢᠨ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ | ᠳᠣᠪᠣᠶᠢᠮ᠎ᠠ ᠠᠳᠬᠤᠵᠣ᠂ ᠪᠦᠬᠦ ᠰᠢᠶᠠᠨ ᠤ ᠣᠨᠣᠪᠴᠢᠲᠠᠢ ᠢᠯᠭᠠᠨ ᠲᠠᠨᠢᠬᠤ᠂ ᠣᠨᠣᠪᠴᠢᠲᠠᠢ ᠤᠬᠤᠷᠢᠨ ᠭᠠᠷᠬᠤ | ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠰᠠᠶᠢᠲᠣᠷ ᠬᠢᠵᠦ᠂ ᠡᠯ᠎ᠡ ᠶᠠᠳᠠᠭᠤ ᠶᠢ ᠳᠡᠳᠬᠦᠬᠦ ᠪᠡᠯᠡ ᠮᠦᠩᠭᠦ ᠶᠢᠨ | ᠬᠡᠷᠡᠭᠯᠡᠯᠲᠡ ᠶᠢ ᠰᠠᠶᠢᠲᠣᠷ ᠠᠳᠬᠤᠵᠣ᠂ ᠬᠠᠷᠢᠭᠤᠴᠯᠠᠭ᠎ᠠ ᠬᠢᠭᠡᠳ ᠰᠠᠬᠢᠯᠭ᠎ᠠ ᠪᠠᠲᠣ ᠰᠢᠢᠳᠬᠡᠯ ᠳᠤ ᠵᠥᠪ ᠢᠶᠠᠷ | ᠬᠠᠨᠳᠣᠵᠣ᠂ ᠬᠦᠬᠢᠭᠦᠯᠦᠨ ᠲᠣᠷᠭᠠᠬᠤ ᠶᠢ ᠴᠢᠩᠭ᠎ᠠ ᠬᠢᠨᠠᠨ ᠰᠢᠯᠭᠠᠵᠣ᠂ ᠪᠦᠬᠦ ᠵᠢᠯ ᠤᠨ ᠬᠠᠷᠠᠯᠲᠠ ᠡᠭᠦᠷᠭᠡ ᠪᠠᠨ | ᠴᠢᠨᠠᠷ ᠰᠠᠶᠢᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠶᠢᠨ ᠪᠣᠲᠠᠲᠠᠢ ᠦᠷ᠎ᠡ | ᠪᠦᠲᠦᠮᠵᠢ ᠪᠠᠷ ᠨᠠᠮ ᠪᠣᠯᠣᠨ ᠠᠷᠠᠳ ᠲᠦᠮᠡᠨ ᠳᠤ ᠬᠠᠨᠣᠮᠵᠢᠲᠠᠢ ᠬᠠᠷᠢᠭᠤᠯᠲᠠ ᠶᠢᠨ ᠬᠠᠭᠤᠲᠠᠰᠣ ᠲᠣᠰᠢᠶᠠᠬᠤ | ᠬᠡᠷᠡᠭᠲᠡᠢ ᠭᠡᠪᠡ᠃ |