| | | ᠠᠶᠤᠯ ᠠᠴᠠ ᠠᠪᠤᠷᠠᠨ ᠵᠦᠳᠡᠭᠦᠤ ᠶᠢ ᠲᠤᠰᠠᠯᠠᠬᠤ᠂ ᠵᠣᠭᠤᠰ ᠲᠤᠰᠠᠯᠠᠨ ᠰᠤᠷᠤᠯᠭ᠎ᠠ ᠳᠡᠮᠵᠢᠬᠦ ᠪᠣᠯ ᠪᠥᠬᠦ | ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠦᠨ᠂ ᠲᠡᠷᠡ ᠨᠢ ᠶᠠᠳᠠᠭᠤ ᠬᠦᠴᠢᠷᠳᠡᠯᠲᠠᠢ ᠰᠤᠷᠤᠭᠴᠢ ᠶᠢ ᠬᠠᠪᠰᠤᠷᠴᠤ | ᠰᠤᠷᠤᠯᠭ᠎ᠠ ᠲᠡᠭᠦᠰᠭᠡᠬᠦ ᠶᠢᠨ ᠬᠠᠮᠲᠤ ᠬᠠᠷᠠᠮ ᠦᠭᠡᠢ ᠵᠣᠷᠢᠭᠤᠯᠬᠤ᠂ ᠶᠠᠳᠠᠭᠤ ᠶᠢ ᠲᠡᠳᠬᠦᠵᠤ ᠵᠦᠳᠡᠭᠦᠤ ᠶᠢ | ᠲᠤᠰᠠᠯᠠᠬᠤ ᠰᠢᠯᠢᠳᠡᠭ ᠮᠤᠷᠠᠯ ᠰᠤᠷᠲᠠᠯ ᠢ ᠪᠠᠳᠠᠷᠠᠭᠤᠯᠵᠤ ᠴᠢᠳᠠᠳᠠᠭ᠃ 11 ᠳ᠋ᠦ᠋ᠭᠡᠷ ᠰᠠᠷ᠎ᠠ ᠶᠢᠨ 21 ᠤ ᠡᠳᠤᠷ᠂ | ᠮᠠᠨ ᠤ ᠰᠢᠶᠠᠨ ᠵᠡᠮᠳᠡᠭ ᠰᠤᠷᠤᠭᠴᠢ ᠵᠢᠴᠢ ᠭᠡᠷ ᠤᠨ ᠠᠬᠠᠮᠠᠳ ᠢ ᠠᠪᠤᠷᠠᠨ ᠲᠤᠰᠠᠯᠠᠬᠤ ᠮᠥᠩᠭᠦ ᠬᠠᠨᠳᠢᠪᠯᠠᠬᠤ | ᠶᠣᠰᠤᠯᠠᠯ ᠶᠠᠪᠤᠭᠳᠠᠭᠤᠯᠪᠠ᠃ ᠰᠢᠶᠠᠨ ᠤ ᠳᠠᠷᠤᠭ᠎ᠠ ᠯᠢ ᠶᠢᠩ ᠴᠦᠨ ᠬᠠᠨᠳᠢᠪᠯᠠᠬᠤ ᠶᠣᠰᠤᠯᠠᠯ ᠳᠤ ᠣᠷᠤᠯᠴᠠᠵᠤ᠂ | ᠰᠤᠷᠭᠠᠨ ᠬᠥᠮᠦᠵᠢᠯ ᠤᠨ ᠲᠣᠪᠴᠢᠶ᠎ᠠ᠂ ᠬᠤᠶᠢᠴᠢ ᠦᠶ᠎ᠡ ᠪᠠᠨ ᠬᠠᠷᠠᠭᠠᠯᠵᠠᠬᠤ ᠠᠵᠢᠯ ᠤᠨ ᠺᠣᠮᠢᠰ᠂ ᠠᠬᠠᠮᠠᠳ | ᠺᠠᠳ᠋ᠷ ᠤᠨ ᠲᠣᠪᠴᠢᠶ᠎ᠠ ᠵᠢᠴᠢ ᠬᠡᠰᠡᠭ ᠳᠡᠮᠵᠢᠯᠭᠡ ᠬᠦᠷᠲᠡᠭᠰᠡᠨ ᠰᠤᠷᠤᠭᠴᠢ ᠵᠢᠴᠢ ᠭᠡᠷ ᠤᠨ ᠠᠬᠠᠮᠠᠳ ᠬᠠᠨᠳᠢᠪᠯᠠᠬᠤ | ᠶᠣᠰᠤᠯᠠᠯ ᠳᠤ ᠣᠷᠤᠯᠴᠠᠪᠠ᠃ | ᠲᠤᠰ ᠤᠳᠠᠭᠠᠨ ᠤ ᠬᠠᠨᠳᠢᠪᠯᠠᠬᠤ ᠶᠣᠰᠤᠯᠠᠯ ᠪᠣᠯ ᠬᠠᠯᠠᠭᠤᠨ ᠰᠡᠳᠬᠢᠯᠲᠤ ᠬᠥᠮᠦᠨ ᠳ᠋ᠦᠩ ᠳ᠋ᠧ ᠢ ᠶᠢᠨ | ᠶᠠᠪᠤᠭᠤᠯᠤᠭᠰᠠᠨ ᠠᠵᠢᠯᠯᠠᠭ᠎ᠠ ᠮᠦᠨ᠂ ᠲᠡᠷᠡ 15.3 ᠲᠥᠮᠡᠨ ᠲᠥᠭᠦᠷᠢᠭ ᠤᠨ ᠪᠡᠯᠡ ᠴᠤᠭᠯᠠᠭᠤᠯᠵᠤ᠂ 236 ᠨᠡᠷ᠎ᠡ | ᠵᠡᠮᠳᠡᠭ ᠰᠤᠷᠤᠭᠴᠢ ᠪᠠ ᠵᠡᠮᠳᠡᠭ ᠭᠡᠷ ᠪᠦᠯᠢ ᠶᠢᠨ ᠰᠤᠷᠤᠭᠴᠢ ᠳᠤ ᠠᠮᠢᠳᠤᠷᠠᠯ ᠤᠨ ᠨᠥᠬᠦᠪᠦᠷᠢ ᠣᠯᠭᠤᠪᠠ᠂ | ᠨᠢᠭᠡᠳᠦᠭᠡᠷ ᠳᠡᠰ ᠤᠨ ᠵᠡᠮᠳᠡᠭ ᠭᠡᠷ ᠤᠨ ᠠᠬᠠᠮᠠᠳ ᠪᠣᠶᠤ ᠰᠤᠷᠤᠭᠴᠢ ᠵᠢᠴᠢ ᠬᠤᠶᠠᠳᠤᠭᠠᠷ ᠳᠡᠰ ᠤᠨ ᠵᠡᠮᠳᠡᠭ ᠭᠡᠷ | ᠪᠦᠯᠢ ᠶᠢᠨ ᠤᠶᠤᠲᠠᠳ ᠳᠤ ᠬᠦᠮᠦᠨ ᠪᠦᠷᠢ ᠶᠢᠨ1000 ᠲᠥᠭᠦᠷᠢᠭ ᠶᠢᠨ ᠲᠤᠰᠠᠯᠮᠠᠵᠢ ᠶᠢᠨ ᠮᠥᠩᠭᠦ ᠣᠯᠭᠤᠪᠠ᠂ | ᠪᠤᠰᠤᠳ ᠬᠤᠶᠠᠳᠤᠭᠠᠷ ᠳᠡᠰ ᠤᠨ ᠵᠡᠮᠳᠡᠭ ᠭᠡᠷ ᠤᠨ ᠠᠬᠠᠮᠠᠳ ᠪᠣᠶᠤ ᠰᠤᠷᠤᠭᠴᠢ ᠳᠤ ᠬᠥᠮᠦᠨ ᠪᠦᠷᠢ ᠶᠢᠨ 500 | ᠲᠥᠭᠦᠷᠢᠭ ᠢᠶᠠᠷ ᠲᠤᠰᠠᠯᠠᠪᠠ᠃ ᠳ᠋ᠦᠩ ᠳ᠋ᠧ ᠢ ᠠᠴᠠ ᠲᠤᠰᠠᠯᠠᠮᠵᠢ ᠬᠦᠷᠲᠡᠭᠰᠡᠨ ᠰᠤᠷᠤᠭᠴᠢᠳ ᠤᠨ ᠵᠥᠪ | ᠶᠢᠷᠲᠢᠨᠴᠤ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠶᠢ ᠪᠣᠢ ᠪᠣᠯᠭᠠᠵᠤ᠂ ᠤᠬᠠᠮᠰᠠᠷ ᠠᠴᠠ ᠪᠠᠨ ᠡᠷᠬᠢᠮ | ᠳᠡᠭᠡᠳᠤ ᠶᠣᠰᠤ ᠰᠤᠷᠲᠠᠬᠤᠨ ᠤ ᠦᠵᠡᠯ ᠰᠡᠳᠭᠢᠯᠭᠡ᠂ ᠰᠢᠯᠢᠳᠡᠭ ᠵᠠᠩ ᠴᠢᠨᠠᠷ ᠪᠠ ᠡᠷᠡᠭᠦᠯ ᠴᠢᠬᠢᠷᠠᠭ ᠪᠡᠶ᠎ᠡ | ᠮᠠᠬᠠᠪᠤᠳ ᠢ ᠪᠣᠶᠢᠵᠢᠭᠤᠯᠵᠤ ᠨᠡᠶᠢᠭᠡᠮ ᠨᠡᠶᠢᠲᠡ ᠳᠤ ᠠᠴᠢ ᠬᠠᠷᠢᠭᠤᠯᠬᠤ ᠶᠢ ᠬᠦᠰᠡᠪᠡ᠃ ᠡᠭᠦᠨ ᠤ ᠬᠠᠮᠲᠤ ᠲᠡᠷᠡ | ᠪᠠᠰᠠ ᠨᠡᠩ ᠣᠯᠠᠨ ᠬᠠᠯᠠᠭᠤᠨ ᠰᠡᠳᠬᠢᠯᠲᠦ ᠬᠦᠮᠦᠰ ᠶᠢᠨ ᠡᠶᠢᠮᠦᠷᠬᠦ ᠠᠵᠢᠯᠯᠠᠭ᠎ᠠ ᠳᠤ ᠢᠳᠡᠪᠬᠢᠲᠠᠢ ᠣᠷᠤᠯᠴᠠᠨ᠂ | ᠨᠡᠩ ᠣᠯᠠᠨ ᠬᠠᠯᠠᠮᠵᠢ ᠲᠤᠰᠠᠯᠠᠮᠵᠢ ᠱᠠᠭᠠᠷᠳᠠᠵᠤ ᠪᠣᠢ ᠬᠡᠤᠬᠡᠳ ᠤᠳ ᠢ ᠬᠠᠪᠰᠤᠷᠴᠤ᠂ ᠪᠣᠯᠪᠠᠰᠤᠨ᠂ ᠨᠥᠬᠦᠷᠰᠡᠭ᠂ | ᠡᠪ ᠨᠠᠶᠢᠷᠠᠮᠳᠠᠭᠤ ᠨᠡᠶᠢᠭᠡᠮ ᠢ ᠪᠤᠢ ᠪᠤᠯᠭᠠᠬᠤ ᠳᠤ ᠴᠢᠷᠮᠠᠶᠢᠯᠭ᠎ᠠ ᠭᠠᠷᠭᠠᠬᠤ ᠶᠢ ᠬᠦᠰᠡᠭᠰᠡᠨ ᠪᠠᠶᠢᠨ᠎ᠠ᠃ | ᠯᠢ ᠶᠢᠩ ᠴᠦᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ᠂ ᠦᠴᠦᠸᠠᠨ ᠰᠢᠶᠠᠨ ᠶᠡᠷᠦᠩᠬᠡᠢ | ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠤᠯᠲᠠ ᠶᠢᠨ ᠳᠠᠶᠢᠨ ᠤ ᠦᠵᠡᠯ ᠰᠠᠨᠠᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠤᠨ᠂ ᠬᠥᠬᠡᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨ᠎ᠡ | ᠬᠦᠳᠡᠭᠡ ᠲᠤᠰᠬᠤᠨ ᠢ ᠪᠥᠲᠦᠭᠡᠨ ᠪᠠᠶᠢᠭᠤᠯᠬᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ | ᠵᠡᠮᠳᠡᠭᠴᠤᠳ ᠤᠨ ᠶᠠᠳᠠᠭᠤ ᠶᠢ ᠲᠡᠳᠬᠦᠬᠦ ᠵᠡᠷᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ ᠵᠡᠮᠳᠡᠭᠴᠦᠳ ᠵᠡᠷᠭᠡ | ᠶᠠᠳᠠᠭᠤ ᠬᠦᠴᠢᠷᠳᠡᠯᠲᠠᠢ ᠪᠠᠭᠤᠷᠠᠶᠢᠴᠤᠯ ᠢ ᠪᠥᠬᠦ ᠬᠦᠴᠦᠨ ᠢᠶᠠᠷ ᠳᠡᠮᠵᠢᠪᠡ᠃ ᠡᠭᠦᠨ ᠤ ᠬᠠᠮᠲᠤ᠂ ᠬᠤᠯᠪᠤᠭᠳᠠᠯ | ᠪᠥᠬᠦᠢ ᠰᠠᠯᠠᠭ᠎ᠠ ᠮᠦᠴᠢᠷ ᠤᠨ ᠬᠢᠨ ᠳᠡᠭᠡᠳᠤ ᠱᠠᠲᠤᠨ ᠤ ᠪᠡᠯᠡ ᠮᠥᠩᠭᠦᠨ ᠤ ᠳᠡᠮᠵᠢᠯᠭᠡ ᠶᠢ ᠴᠢᠷᠮᠠᠶᠢᠨ ᠲᠡᠮᠡᠴᠡᠵᠤ᠂ | ᠵᠢᠯ ᠪᠦᠷᠢ ᠨᠥᠬᠦᠴᠡᠯ ᠳᠤ ᠨᠡᠶᠢᠴᠡᠭᠰᠡᠨ ᠨᠢᠭᠡᠳᠦᠭᠡᠷ᠂ ᠬᠤᠶᠠᠳᠤᠭᠠᠷ ᠳᠡᠰ ᠤᠨ ᠬᠦᠨᠳᠤ ᠳᠡᠰ ᠤᠨ | ᠵᠡᠮᠳᠡᠭᠴᠦᠳ ᠲᠤ1300 ᠲᠥᠭᠦᠷᠢᠩ ᠤᠨ ᠠᠰᠠᠷᠠᠨ ᠰᠣᠪᠢᠯᠠᠬᠤ ᠨᠥᠬᠦᠪᠦᠷᠢ ᠣᠯᠭᠤᠵᠤ᠂ ᠳᠣᠣᠷ᠎ᠠ ᠪᠠᠲᠤᠯᠠᠭᠠᠲᠤ | ᠡᠷᠦᠬᠡ ᠶᠢᠨ ᠬᠠᠷᠠᠭᠠᠯᠵᠠᠯ ᠢ ᠬᠦᠷᠲᠡᠭᠰᠡᠨ ᠶᠠᠳᠠᠭᠤ ᠬᠦᠴᠢᠷᠳᠡᠯᠲᠠᠢ ᠵᠡᠮᠳᠡᠭᠴᠦᠳ ᠲᠤ 1300 ᠲᠥᠮᠡᠨ | ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ ᠭᠤᠷᠪᠠᠳᠤᠭᠠᠷ᠂ ᠳᠦᠷᠪᠡᠳᠦᠭᠡᠷ ᠳᠡᠰ ᠤᠨ ᠣᠶᠣᠨ ᠤ᠂ | ᠮᠡᠳᠡᠷᠡᠯ ᠤᠨ ᠲᠠᠯ᠎ᠠ ᠪᠠᠷ ᠵᠡᠮᠳᠡᠭ ᠬᠥᠮᠦᠰ ᠲᠤ 600 ᠲᠥᠭᠦᠷᠢᠭ ᠤᠨ ᠭᠡᠷ ᠲᠡᠭᠡᠨ ᠰᠠᠭᠤᠵᠤ ᠨᠠᠶᠢᠳᠠᠨ ᠠᠰᠠᠷᠠᠭᠤᠯᠬᠤ | ᠨᠥᠬᠦᠪᠦᠷᠢ ᠣᠯᠭᠤᠪᠠ᠃ ᠠᠯᠢ ᠣᠯᠠᠨ ᠠᠷᠭ᠎ᠠ ᠬᠡᠮᠵᠢᠶ᠎ᠡ ᠨᠦᠭᠦᠳ ᠨᠢ ᠵᠡᠮᠳᠡᠭᠴᠦᠳ ᠤᠨ ᠠᠮᠢᠳᠤᠷᠠᠯ ᠤᠨ ᠣᠷᠴᠢᠨ | ᠪᠠ ᠬᠢᠷᠢ ᠲᠥᠪᠰᠢᠨ ᠢ ᠪᠥᠲᠦᠮᠵᠢᠲᠠᠢ ᠥᠭᠡᠷᠡᠴᠢᠯᠡᠵᠤ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠳᠤ | ᠢᠳᠡᠪᠬᠢᠲᠠᠢ ᠬᠤᠪᠢ ᠨᠡᠮᠡᠷᠢ ᠦᠵᠡᠭᠦᠯᠪᠡ ᠭᠡᠪᠡ᠃ | ᠳ᠋ᠦᠩ ᠳ᠋ᠧ ᠢ ᠠᠪᠤᠭᠠᠢ ᠶᠢᠨ ᠶᠠᠪᠤᠭᠳᠠᠭᠤᠯᠤᠭᠰᠠᠨ ᠡᠨᠡᠬᠦ ᠤᠳᠠᠭᠠᠨ ᠤ ᠬᠠᠯᠠᠮᠵᠢ ᠶᠢᠨ ᠠᠵᠢᠯᠯᠠᠭ᠎ᠠ ᠨᠢ ᠡᠨᠡᠭ | ᠣᠯᠠᠨ ᠬᠠᠯᠠᠭᠤᠨ ᠰᠡᠳᠬᠢᠯᠲᠤ ᠠᠵᠤ ᠠᠬᠤᠶᠢᠯᠠᠯ ᠪᠠ ᠬᠤᠪᠢ ᠬᠥᠮᠦᠨ ᠢ ᠳᠠᠶᠢᠴᠢᠯᠠᠨ ᠨᠡᠶᠢᠲᠡ ᠶᠢᠨ ᠠᠰᠠᠷᠠᠮᠵᠢ ᠶᠢᠨ | ᠦᠢᠯᠡ ᠠᠵᠢᠯᠯᠠᠭ᠎ᠠ ᠳᠤ ᠣᠷᠤᠯᠴᠠᠭᠤᠯᠤᠨ᠂ ᠬᠠᠶᠢᠷ᠎ᠠ ᠬᠠᠯᠠᠮᠵᠢ ᠡᠷᠭᠦᠵᠤ᠂ ᠨᠡᠶᠢᠭᠡᠮ ᠨᠡᠶᠢᠲᠡ ᠳᠤ ᠠᠴᠢ | ᠬᠠᠷᠢᠭᠤᠯᠬᠤ ᠪᠤᠯᠭᠠᠬᠤ ᠨᠢ ᠯᠠᠪᠲᠠᠢ᠃ |