ᠮᠠᠨ ᠤ ᠤᠯᠤᠰ 1.2 ᠳ᠋ᠦᠩᠰᠢᠭᠤᠷ ᠦᠬᠡ ᠲᠠᠢ ᠮᠣᠩᠭᠤᠯ ᠰᠤᠷᠪᠤᠯᠵᠢ ᠪᠢᠴᠢᠭ ᠤᠨ ᠳ᠋ᠡᠶᠢᠲ᠋ᠠ ᠬᠦᠮᠦᠷᠬᠡ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2018-11-27
      ᠰᠢᠨᠬᠤᠸᠠ ᠬᠤᠷᠢᠶ᠎ᠠ ᠬᠦᠬᠡᠬᠤᠳᠠ ᠶᠢᠨ 11 ᠰᠠᠷ᠎ᠠ ᠶᠢᠨ 23 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠤᠷᠢᠬᠠᠨ︶ ᠮᠠᠨ ᠤ ᠤᠯᠤᠰ 1.2 ᠳ᠋ᠦᠩᠰᠢᠭᠤᠷ ᠦᠬᠡ ᠲᠠᠢ ᠮᠣᠩᠭᠤᠯ ᠰᠤᠷᠪᠤᠯᠵᠢ ᠪᠢᠴᠢᠭ ᠤᠨ ᠲᠤᠮᠤ ᠤᠪᠤᠷ ᠤᠨ ᠳ᠋ᠡᠶᠢᠲ᠋ᠠ ᠬᠦᠮᠦᠷᠬᠡ ᠪᠠᠶᠢᠭᠤᠯᠵᠤ ᠪᠤᠢ᠂ ᠤᠳᠤᠬᠠᠨ ᠳᠤ ᠨᠢᠬᠡᠨᠳᠡ 800 ᠲᠦᠮᠡᠨ ᠦᠬᠡ ᠶᠢ ᠬᠦᠮᠦᠷᠬᠡ ᠳᠤ ᠤᠷᠤᠭᠤᠯᠤᠭᠠᠳ ᠪᠠᠶᠢᠨ᠎ᠠ᠃      ᠰᠤᠷᠪᠤᠯᠵᠢᠯᠠᠭᠴᠢ ᠲᠤᠰ ᠡᠬᠦᠷᠬᠡ ᠶᠢ ᠲᠠᠭᠠᠭᠴᠢᠯᠠᠨ ᠬᠢᠵᠤ ᠪᠤᠢ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠤᠶᠢᠯᠠᠭᠠᠭᠰᠠᠨ ᠢᠶᠠᠷ᠂ ᠮᠣᠩᠭᠤᠯ ᠰᠤᠷᠪᠤᠯᠵᠢ ᠪᠢᠴᠢᠭ ᠤᠨ ᠳ᠋ᠡᠶᠢᠲ᠋ᠠ ᠬᠦᠮᠦᠷᠬᠡ ᠶᠢ ᠴᠢᠯᠡᠬᠡᠨ ᠲᠠᠭᠤᠰᠬᠠᠬᠤ ᠠᠷᠭ᠎ᠠ ᠪᠠᠷ ᠮᠣᠩᠭᠤᠯ ᠪᠢᠴᠢᠭ ᠤᠨ ᠠᠩᠬᠠᠨ ᠤ ᠰᠤᠷᠪᠤᠯᠵᠢ ᠪᠢᠴᠢᠭ ︽ᠴᠢᠩᠬᠢᠰ ᠬᠠᠭᠠᠨ ᠤ ᠴᠢᠯᠠᠭᠤᠨ ᠪᠢᠴᠢᠭ︾ ︵1225 ᠤᠨ︶ ᠠᠴᠠ ᠨᠠᠭᠠᠰᠢᠬᠢ ᠲᠤᠮᠳᠠᠳᠤ ᠵᠠᠭᠤᠨ ᠤ ᠦᠶ᠎ᠡ ᠶᠢᠨ ᠤᠯᠠᠮᠵᠢᠯᠠᠯᠳᠤ ᠮᠣᠩᠭᠤᠯ ᠰᠤᠷᠪᠤᠯᠵᠢ ᠪᠢᠴᠢᠭ ᠪᠤᠯᠤᠨ ᠤᠷᠴᠢᠨ ᠦᠶ᠎ᠡ ᠶᠢᠨ ᠮᠣᠩᠭᠤᠯ ᠮᠤᠳᠤᠨ ᠰᠡᠶᠢᠯᠦᠮᠡᠯ ᠰᠤᠷᠪᠤᠯᠵᠢ ᠪᠢᠴᠢᠭ ᠤᠳ ᠢ ᠤᠷᠤᠭᠤᠯᠵᠤ ᠪᠤᠢ᠃ ᠤᠳᠤ ᠦᠶ᠎ᠡ ᠶᠢᠨ ᠰᠤᠷᠪᠤᠯᠵᠢ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠤᠯᠢ ᠲᠦᠷᠢᠮ᠂ ᠤᠳᠬ᠎ᠠ ᠤᠷᠠᠯᠢᠭ᠂ ᠬᠡᠪᠯᠡᠯ ᠮᠡᠳᠡᠬᠡᠯᠡᠯ᠂ ᠠᠨᠠᠭᠠᠬᠤ ᠤᠬᠠᠭᠠᠨ᠂ ᠬᠡᠷᠡᠭᠯᠡᠬᠡᠨ ᠤ ᠠᠯᠪᠠᠨ ᠪᠢᠴᠢᠭ᠂ ᠵᠢᠭᠠᠬᠤ ᠮᠠᠲ᠋ᠧᠷᠢᠶᠠᠯ᠂ ᠴᠡᠷᠢᠭ ᠤᠨ ᠶᠠᠪᠤᠳᠠᠯ᠂ ᠲᠠᠮᠢᠷ ᠵᠡᠷᠬᠡ ᠲᠦᠷᠦᠯ ᠬᠤᠪᠢᠶᠠᠵᠤ ᠰᠢᠯᠢᠳᠡᠭ ᠠᠭᠤᠯᠭ᠎ᠠ ᠶᠢ ᠨᠢ ᠰᠢᠯᠢᠨ ᠤᠷᠤᠭᠤᠯᠵᠤ ᠪᠠᠶᠢᠨ᠎ᠠ᠃     ᠮᠣᠩᠭᠤᠯ ᠰᠤᠷᠪᠤᠯᠵᠢ ᠪᠢᠴᠢᠭ ᠤᠨ ᠳ᠋ᠡᠶᠢᠲ᠋ᠠ ᠬᠦᠮᠦᠷᠬᠡ ᠤᠨ ᠪᠠᠶᠢᠭᠤᠯᠤᠯᠳᠠ ᠨᠢ ᠤᠷᠤᠭᠤᠯᠬᠤ᠂ ᠬᠠᠷᠭᠤᠭᠤᠯᠬᠤ᠂ ᠵᠡᠬᠦᠯᠳᠡ ᠬᠢᠬᠦ ᠡᠳ᠋ᠰᠢᠬᠦᠯᠬᠦ ᠵᠡᠷᠬᠡ ᠭᠤᠭᠴᠤᠭ᠎ᠠ ᠪᠠᠷ ᠪᠦᠷᠢᠯᠳᠤᠵᠤ᠂ ᠤᠯᠠᠨ ᠤᠯᠤᠰ ᠤᠨ ᠲᠡᠷᠢᠬᠦᠨ ᠤ ᠪᠠᠷᠢᠮᠵᠢᠶ᠎ᠡ ᠶᠢ ᠦᠨᠳᠤᠰᠦᠯᠡᠨ ᠮᠣᠩᠭᠤᠯ ᠪᠢᠴᠢᠭ ᠤᠨ ᠰᠤᠷᠪᠤᠯᠵᠢ ᠪᠢᠴᠢᠭ ᠤᠨ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠲᠠᠪᠴᠠᠩ ︵ᠨᠧᠲ ᠤᠨ ᠬᠡᠯᠪᠡᠷᠢ︶ ᠪᠠᠶᠢᠭᠤᠯᠤᠨ᠎ᠠ᠃ ᠡᠬᠦᠨ ᠳᠤ ᠲᠡᠯᠡᠬᠡᠢ ᠳᠠᠬᠢ ᠬᠠᠮᠤᠭ ᠠᠴᠠ ᠲᠤᠮᠤ᠂ ᠬᠠᠮᠤᠭ ᠠᠴᠠ ᠪᠦᠷᠢᠨ᠂ ᠬᠠᠮᠤᠭ ᠠᠴᠠ ᠨᠠᠷᠢᠨ ᠨᠧᠲ ᠢᠶᠠᠷ ᠰᠠᠴᠤᠭᠰᠠᠨ ᠮᠣᠩᠭᠤᠯ ᠰᠤᠷᠪᠤᠯᠵᠢ ᠪᠢᠴᠢᠭ ᠤᠨ ᠳ᠋ᠡᠶᠢᠲ᠋ᠠ ᠬᠦᠮᠦᠷᠬᠡ ᠪᠤᠯᠭᠠᠨ ᠪᠠᠶᠢᠭᠤᠯᠬᠤ ᠪᠠᠷ ᠡᠴᠦᠰ ᠤᠨ ᠬᠠᠷᠠᠯᠳᠠ ᠪᠠᠨ ᠪᠤᠯᠭᠠᠵᠤ᠂ ᠮᠣᠩᠭᠤᠯ ᠰᠤᠷᠪᠤᠯᠵᠢ ᠪᠢᠴᠢᠭ ᠤᠨ ᠮᠠᠲ᠋ᠧᠷᠢᠶᠠᠯ ᠢ ᠬᠠᠮᠠᠭᠠᠯᠠᠬᠤ᠂ ᠨᠡᠬᠡᠬᠡᠬᠦ᠂ ᠠᠰᠢᠭᠯᠠᠬᠤ ᠳᠤ ᠰᠠᠭᠤᠷᠢ ᠲᠠᠯᠪᠢᠨ᠎ᠠ᠃      2015 ᠤᠨ ᠠᠴᠠ ᠡᠬᠢᠯᠡᠬᠦᠯᠦᠭᠰᠡᠨ ᠡᠨᠡᠬᠦ ᠠᠵᠢᠯ ᠨᠢ 2024 ᠤᠨ ᠳᠤ ᠲᠠᠭᠤᠰᠤᠨ᠎ᠠ᠃ ᠤᠳᠤᠬᠠᠨ ᠳᠤ 109 ᠪᠤᠳᠢ ᠪᠤᠷᠬᠠᠨ ᠤ ᠱᠠᠰᠢᠨ ᠤ ᠰᠤᠩᠬᠤᠳᠠᠭ ᠮᠣᠩᠭᠤᠯ ᠪᠢᠴᠢᠭ ᠤᠨ ︽ᠭᠠᠨᠵᠤᠤᠷ︾ ᠢ ᠬᠦᠮᠦᠷᠭᠡᠯᠡᠬᠦ ᠠᠵᠢᠯ ᠢᠶᠠᠨ ᠬᠢᠵᠤ ᠪᠤᠢ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号