ᠥᠪᠥᠷ ᠮᠣᠩᠭᠤᠯ  ᠤᠨ ᠶᠡᠭᠡ ᠰᠤᠷᠭᠠᠭᠤᠯᠢ 2019 ᠣᠨ ᠤ  ﹇ᠴᠢᠳᠠᠪᠤᠷᠢᠲᠠᠨ ᠤ ᠲᠥᠯᠥᠪᠯᠡᠭᠡ﹈ ᠶᠢᠨ ᠲᠤᠷᠰᠢᠯᠲᠠ ᠶᠢᠨ ᠳᠡᠭᠡᠳᠦ ᠰᠤᠷᠭᠠᠭᠤᠯᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2018-11-28
      ᠡᠮᠦᠨᠡᠬᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠨᠡᠶᠢᠭᠡᠮᠯᠢᠭ ᠪᠣᠯᠣᠨ ᠰᠤᠷᠭᠠᠨ ᠬᠥᠮᠥᠵᠢᠯ ᠤᠨ ᠶᠠᠮᠤᠨ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ  ︵ᠳᠥᠭᠦᠮᠴᠢᠯᠡᠭᠡᠳ  ﹇ᠴᠢᠳᠠᠪᠤᠷᠢᠲᠠᠨ ᠤ ᠲᠥᠯᠥᠪᠯᠡᠭᠡ﹈ ᠭᠡᠨ᠎ᠡ︶ ᠵᠢᠩᠬᠢᠨᠢ ᠪᠠᠷ ᠡᠬᠢᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠠᠯᠪᠠᠨ ᠲᠢᠩᠬᠢᠮ ᠪᠣᠯᠣᠨ ᠰᠤᠷᠭᠠᠨ ᠬᠥᠮᠥᠵᠢᠯ ᠤᠨ ᠶᠠᠮᠤᠨ ᠤ ᠠᠯᠪᠠᠨ ᠲᠢᠩᠬᠢᠮ ᠠᠴᠠ ᠬᠠᠮᠲᠤᠷᠠᠨ ᠨᠡᠶᠢᠲᠡᠯᠡᠭᠰᠡᠨ   ︽2019 ᠣᠨ ᠤ  ﹇ᠴᠢᠳᠠᠪᠤᠷᠢᠲᠠᠨ ᠤ ᠲᠥᠯᠥᠪᠯᠡᠭᠡ﹈ ᠶᠢᠨ ᠠᠵᠢᠯ ᠤᠨ ᠬᠡᠷᠡᠭᠵᠢᠭᠦᠯᠬᠦ ᠲᠥᠰᠥᠯ︾  ᠤᠨ ᠦᠨᠳᠦᠰᠦᠯᠡᠯ ᠢᠶᠠᠷ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ﹇ᠴᠢᠳᠠᠪᠤᠷᠢᠲᠠᠨ ᠤ ᠲᠥᠯᠥᠪᠯᠡᠭᠡ﹈ ᠶᠢᠨ ᠮᠤᠵᠢ ᠶᠢᠨ ᠲᠡᠰ ᠤᠨ ᠲᠤᠷᠰᠢᠯᠲᠠ ᠶᠢᠨ ᠨᠢᠭᠡᠴᠡ ᠪᠠᠷ ᠲᠣᠭᠲᠠᠭᠠᠭᠳᠠᠵᠤ᠂ ᠥᠪᠥᠷ ᠮᠣᠩᠭᠤᠯ  ᠤᠨ ᠶᠡᠭᠡ ᠰᠤᠷᠭᠠᠭᠤᠯᠢ 2019 ᠣᠨ ᠤ  ﹇ᠴᠢᠳᠠᠪᠤᠷᠢᠲᠠᠨ ᠤ ᠲᠥᠯᠥᠪᠯᠡᠭᠡ﹈ ᠶᠢᠨ ᠲᠤᠷᠰᠢᠯᠲᠠ ᠶᠢᠨ ᠳᠡᠭᠡᠳᠦ ᠰᠤᠷᠭᠠᠭᠤᠯᠢ ᠶᠢᠨ ᠨᠡᠷᠡᠰ ᠲᠤ ᠰᠣᠩᠭᠤᠭᠳᠠᠪᠠ᠃      ᠣᠶᠢᠯᠭᠠᠭᠰᠠᠨ ᠢᠶᠠᠷ᠂ ﹇ᠴᠢᠳᠠᠪᠤᠷᠢᠲᠠᠨ ᠤ ᠲᠥᠯᠥᠪᠯᠡᠭᠡ﹈ ᠤᠨ ᠰᠤᠷᠤᠭᠴᠢ ᠥᠪᠡᠷ ᠤᠨ ᠰᠠᠭᠤᠭ᠎ᠠ ᠬᠤᠲᠠ ᠶᠢᠨ ᠬᠡᠷᠡᠭᠵᠢᠭᠦᠯᠵᠦ ᠪᠠᠶᠢᠭ᠎ᠠ ᠳᠡᠭᠡᠳᠦ ᠰᠤᠷᠭᠠᠭᠤᠯᠢ ᠳᠤ ᠬᠦᠷᠴᠦ ᠨᠢᠭᠡ ᠵᠢᠯ ᠤᠨ ᠪᠣᠯᠪᠠᠰᠤᠷᠠᠯ ᠬᠦᠷᠲᠡᠵᠦ ᠪᠣᠯᠬᠤ ᠮᠥᠷᠲᠡᠭᠡᠨ ᠥᠪᠡᠷ ᠤᠨ ᠰᠠᠶᠢᠨ ᠳᠤᠷ᠎ᠠ ᠠᠴᠠ ᠭᠤᠶᠤᠴᠢᠯᠠᠵᠤ ᠦᠷᠭᠦᠯᠵᠢᠯᠡᠨ ᠪᠣᠯᠪᠠᠰᠤᠷᠠᠯ ᠬᠦᠷᠲᠡᠵᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号