ᠶᠢᠨ ᠴᠦᠨ ᠯᠢᠶᠠᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠪᠠ ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2018-11-30
     11 ᠳ᠋ᠦ᠋ᠭᠡᠷ ᠰᠠᠷ᠎ᠠ ᠶᠢᠨ 26 ᠤ ᠡᠳᠤᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠪᠠᠷᠠᠭᠤᠨ ᠤᠯᠠᠭᠠᠨ ᠪᠤᠯᠠᠭ ᠪᠠᠯᠭᠠᠰᠤ᠂ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠳᠤ ᠭᠦᠨᠵᠡᠭᠡᠶᠢᠷᠡᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ ᠪᠠ ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠳᠤ ᠪᠠᠶᠢᠴᠠᠭᠠᠨ ᠰᠣᠳᠤᠯᠤᠯᠲᠠ ᠬᠢᠵᠤ ᠵᠢᠭᠠᠨ ᠵᠢᠯᠤᠭᠤᠳᠪᠠ᠃ ᠰᠢᠶᠠᠨ ᠤ ᠳᠡᠳ᠋ ᠳᠠᠷᠤᠭ᠎ᠠ᠂ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠣᠢ ᡁᠢ ᠭᠠᠩ ᠵᠢᠴᠢ ᠵᠠᠰᠠᠭ ᠤᠨ ᠣᠷᠳᠤᠨ ᠤ ᠠᠯᠪᠠᠨ ᠭᠡᠷ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠬᠠᠮᠢᠶ᠎ᠠ ᠪᠥᠬᠦᠢ ᠬᠠᠷᠢᠭᠤᠴᠠᠯᠭᠠᠲᠠᠳ ᠪᠠ ᠪᠠᠷᠠᠭᠤᠨ ᠤᠯᠠᠭᠠᠨ ᠪᠤᠯᠠᠭ ᠪᠠᠯᠭᠠᠰᠤ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠷ᠎ᠠ ᠪᠣᠯᠪᠠ᠃      ᠰᠠᠭᠤᠳᠠᠯ ᠤᠨ ᠬᠤᠷᠠᠯ ᠳᠡᠭᠡᠷ᠎ᠡ᠂ ᠶᠢᠨ ᠴᠦᠨ ᠯᠢᠶᠠᠩ ᠪᠠᠷᠠᠭᠤᠨ ᠤᠯᠠᠭᠠᠨ ᠪᠤᠯᠠᠭ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠰᠢᠯᠭᠠᠨ ᠪᠠᠶᠢᠴᠠᠭᠠᠯᠲᠠ ᠶᠢ ᠤᠭᠲᠤᠬᠤ ᠠᠵᠢᠯ᠂ ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠴᠤ᠂ ᠯᠢᠣᠢ ᡁᠢ ᠭᠠᠩ ᠦᠵᠡᠯ ᠰᠠᠨᠠᠭ᠎ᠠ ᠲᠠᠨᠢᠯᠲᠠ᠂ ᠤᠬᠠᠭᠤᠯᠭ᠎ᠠ ᠳᠠᠶᠢᠴᠢᠯᠠᠯᠲᠠ᠂ ᠰᠥᠪᠡᠭᠴᠢ ᠶᠢ ᠪᠠᠶᠢᠴᠠᠭᠠᠨ ᠣᠶᠢᠯᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠤᠰᠬᠤᠨ᠂ ᠪᠠᠶᠢᠭᠠᠯᠢ ᠶᠢᠨ ᠲᠤᠰᠬᠤᠨ ᠤ ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠢ ᠬᠡᠷᠬᠢᠨ ᠶᠠᠪᠤᠭᠳᠠᠭᠤᠯᠬᠤ ᠲᠤᠬᠠᠢ ᠪᠠᠶᠢᠷᠢᠯᠠᠭᠤᠯᠤᠨ ᠲᠣᠬᠢᠷᠠᠭᠤᠯᠪᠠ᠃      ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠤᠨ ᠲᠤᠬᠠᠢ ᠶᠢᠨ ᠴᠦᠨ ᠯᠢᠶᠠᠩ ᠴᠢᠩᠭᠠᠳᠬᠠᠭᠰᠠᠨ  ᠨᠢ᠂ ᠤᠯᠤᠰ ᠲᠥᠷᠦ ᠶᠢᠨ ᠵᠣᠭᠰᠤᠯᠲᠠ ᠪᠠᠨ ᠥᠨᠳᠦᠷᠵᠢᠭᠦᠯᠦᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠤᠨ᠂ ᠬᠤᠲᠠ᠂ ᠰᠢᠶᠠᠨ ᠤ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠰᠢᠶᠠᠩ ᠪᠠᠯᠭᠠᠰᠤ ᠶᠢᠨ ᠺᠠᠳ᠋ᠷ᠂ ᠲᠤᠰᠬᠤᠨ ᠤ ᠺᠠᠳ᠋ᠷ᠂ ᠨᠢᠭᠡᠳᠦᠭᠡᠷ ᠱᠦᠵᠢ ᠶᠢᠨ ᠬᠠᠷ᠎ᠠ ᠶᠢ ᠠᠷᠢᠯᠭᠠᠵᠤ ᠬᠠᠷᠬᠢᠰ ᠢ ᠤᠰᠠᠳᠬᠠᠬᠤ ᠠᠵᠢᠯ ᠳᠣᠮᠳᠠ ᠣᠷᠤᠵᠤ ᠢᠷᠡᠬᠦ ᠶᠢ ᠪᠠᠲᠤᠯᠠᠬᠤ ᠬᠡᠷᠡᠭᠲᠡᠢ︔ ᠠᠵᠢᠯ ᠤᠨ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠂ ᠤᠬᠠᠭᠤᠯᠤᠨ ᠳᠠᠶᠢᠴᠢᠯᠠᠬᠤ ᠬᠦᠴᠦᠯᠡᠴᠡ ᠪᠠᠨ ᠨᠡᠮᠡᠭᠳᠡᠭᠦᠯᠬᠦ ᠬᠡᠷᠡᠭᠲᠡᠢ︔ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠳᠠᠩᠰᠠ ᠡᠪᠬᠡᠮᠡᠯ ᠪᠠᠶᠢᠭᠤᠯᠵᠤ ᠨᠠᠷᠢᠨ ᠳᠠᠩᠰᠠ ᠬᠢᠬᠦ ᠬᠡᠷᠡᠭᠲᠡᠢ ᠭᠡᠪᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠤᠬᠠᠢ ᠶᠢᠨ ᠴᠦᠨ ᠯᠢᠶᠠᠩ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠤᠨ ᠤ ᠭᠤᠷᠪᠠᠳᠤᠭᠠᠷ ᠡᠲᠡᠬᠡᠳ ᠤᠨ ᠶᠠᠳᠠᠭᠤ ᠶᠢ ᠲᠡᠳᠬᠦᠬᠦ ᠰᠢᠯᠭᠠᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠦᠨᠡᠨᠬᠦ ᠰᠠᠶᠢᠨ ᠬᠢᠵᠤ᠂ ᠭᠤᠭᠤᠵᠢᠭᠳᠠᠭᠰᠠᠨ ᠢ ᠨᠢ ᠪᠠᠶᠢᠴᠠᠭᠠᠵᠤ ᠳᠤᠲᠠᠭᠳᠠᠭᠰᠠᠨ ᠢ ᠨᠢ ᠨᠥᠬᠦᠪᠦᠷᠢᠯᠡᠨ᠂ ᠬᠤᠯᠪᠤᠭᠳᠠᠯ ᠪᠥᠬᠦᠢ ᠡᠪᠬᠡᠮᠡᠯ ᠨᠠᠷᠢᠨ ᠳᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠶᠠᠳᠠᠭᠤ ᠶᠢ ᠲᠡᠳᠬᠦᠬᠦ ᠵᠣᠯᠭᠠᠭᠤᠯᠬᠤ ᠠᠵᠢᠯ ᠢ ᠦᠷᠬᠦᠯᠵᠢᠯᠡᠨ ᠥᠷᠨᠢᠭᠦᠯᠵᠤ᠂ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠵᠤ᠂ ᠣᠷᠴᠢᠨ ᠲᠣᠭᠤᠷᠢᠨ ᠢ ᠴᠡᠪᠡᠷᠰᠢᠭᠦᠯᠬᠦ ᠠᠵᠢᠯ ᠢ ᠰᠠᠶᠢᠨ ᠬᠢᠵᠤ᠂ ᠡᠯ᠎ᠡ ᠵᠦᠢᠯ ᠤᠨ ᠠᠵᠢᠯ ᠢ ᠦᠨᠡᠨᠬᠦ ᠨᠠᠷᠢᠯᠢᠭ ᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠴᠢᠨᠠᠷᠴᠠ ᠪᠠ ᠥᠷ᠎ᠡ ᠪᠥᠲᠦᠮᠵᠢ ᠶᠢ ᠪᠠᠲᠤᠯᠠᠬᠤ ᠬᠡᠷᠡᠭᠲᠡᠢ ᠭᠡᠪᠡ᠃      ᠳᠠᠷᠠᠭ᠎ᠠ ᠨᠢ᠂ ᠶᠢᠨ ᠴᠦᠨ ᠯᠢᠶᠠᠩ ᠽᠢ ᠳ᠋ᠠ ᠶᠦᠩ ᠲᠤᠰᠬᠤᠨ ᠵᠢᠴᠢ ᠶᠠᠳᠠᠭᠤ ᠬᠦᠴᠢᠷᠳᠡᠯᠲᠠᠢ ᠡᠷᠦᠬᠡ ᠶᠢᠨ ᠭᠡᠷ ᠲᠤ ᠬᠦᠷᠴᠤ᠂ ᠬᠠᠮᠢᠶ᠎ᠠ ᠪᠥᠬᠦᠢ ᠳᠠᠩᠰᠠ ᠡᠪᠬᠡᠮᠡᠯ ᠪᠢᠴᠢᠭ ᠮᠠᠲ᠋ᠧᠷᠢᠶᠠᠯ ᠢ ᠤᠷᠪᠠᠭᠤᠯᠤᠨ ᠦᠵᠡᠵᠤ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠪᠠ ᠣᠯᠠᠨ ᠲᠥᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠯᠢᠭ ᠠᠰᠠᠭᠤᠪᠠ᠃ ᠪᠠᠷᠠᠭᠤᠨ ᠤᠯᠠᠭᠠᠨ ᠪᠤᠯᠠᠭ ᠪᠠᠯᠭᠠᠰᠤᠨ ᠳᠠᠬᠢ ᠪᠠᠶᠢᠴᠠᠭᠠᠨ ᠰᠣᠳᠤᠯᠤᠯᠲᠠ ᠪᠠᠨ ᠳᠠᠭᠤᠰᠬᠠᠭᠰᠠᠨ ᠤ ᠳᠠᠷᠠᠭ᠎ᠠ᠂ ᠶᠢᠨ ᠴᠦᠨ ᠯᠢᠶᠠᠩ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠭᠠᠨ ᠵᠢᠯᠤᠭᠤᠳᠬᠤ ᠲᠥᠪ ᠲᠤ ᠬᠦᠷᠴᠤ《 ᠤᠶᠤᠨᠲᠣ ᠲᠣᠲᠤᠭᠠᠳᠤ ᠶᠢ ᠬᠠᠮᠠᠭᠠᠯᠠᠬᠤ》ᠪᠥᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号