ᠡᠮᠴᠢ ᠰᠤᠪᠢᠯᠠᠭᠴᠢ ᠶᠢᠨ ᠠᠭᠠᠷ ᠳᠠᠬᠢ ᠠᠪᠤᠷᠠᠨ ᠲᠤᠰᠠᠯᠠᠬᠤ ᠵᠣᠬᠢᠴᠠᠬᠤ ᠴᠢᠨᠠᠷ ᠤᠨ ᠨᠢᠰᠦᠯᠲᠡ ᠶᠢᠨ ᠪᠣᠯᠪᠠᠰᠣᠷᠠᠭᠤᠯᠣᠯ ᠤᠨ ᠠᠵᠢᠯᠯᠠᠭ᠎ᠠ ᠬᠤᠷᠢᠨᠭᠡᠷ ᠰᠢᠶᠠᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2018-11-30
     11 ᠳ᠋ᠦ᠋ᠭᠡᠷ ᠰᠠᠷ᠎ᠠ ᠶᠢᠨ 29 ᠤ ᠡᠳᠦᠷ᠂ ᠡᠮᠴᠢ ᠰᠤᠪᠢᠯᠠᠭᠴᠢ ᠶᠢᠨ ᠠᠭᠠᠷ ᠳᠠᠬᠢ ᠠᠪᠤᠷᠠᠨ ᠲᠤᠰᠠᠯᠠᠬᠤ ᠵᠣᠬᠢᠴᠠᠬᠤ ᠴᠢᠨᠠᠷ ᠤᠨ ᠨᠢᠰᠦᠯᠲᠡ ᠶᠢᠨ ᠪᠣᠯᠪᠠᠰᠣᠷᠠᠭᠤᠯᠣᠯ ᠤᠨ ᠠᠵᠢᠯᠯᠠᠭ᠎ᠠ ᠨᠢ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠃ ᠰᠢᠶᠠᠨ ᠤ ᠳᠡᠳ᠋ ᠳᠠᠷᠤᠭ᠎ᠠ ᠲᠣᠶᠠᠭ᠎ᠠ᠂ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠣᠪᠴᠢᠶ᠎ᠠ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠶᠢᠨ ᠾᠦᠢ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠵᠡᠷᠭᠡ ᠨᠢᠭᠡᠴᠡ᠂ ᠠᠵᠤ ᠠᠬᠤᠶᠢᠯᠠᠯ ᠤᠨ ᠬᠠᠮᠢᠶ᠎ᠠ ᠪᠥᠬᠦᠶ ᠬᠥᠮᠦᠰ ᠠᠵᠢᠯᠯᠠᠭ᠎ᠠ ᠳᠤ ᠣᠷᠣᠯᠴᠠᠪᠠ᠃      ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯ ᠶᠢᠨ ᠾᠦᠢ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠥᠪᠥᠷ ᠮᠣᠩᠭᠤᠯ ᠣᠷᠣᠨ ᠳᠠᠬᠢ ᠠᠩᠬᠠᠳᠠᠭᠴᠢ ᠠᠭᠠᠷ ᠢᠶᠠᠷ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠡᠮᠨᠡᠯᠭᠡ ᠶᠢᠨ ᠬᠤᠷᠢᠶ᠎ᠠ ᠪᠠᠶᠢᠵᠤ᠂ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯ ᠪᠦᠬᠦ ᠬᠤᠲᠠ ᠶᠢᠨ ᠠᠩᠬᠠᠳᠠᠭᠴᠢ ᠭᠡᠷ᠎ᠡ ᠲᠣᠭᠲᠠᠭᠰᠠᠨ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠪᠣᠯᠣᠨ᠎ᠠ᠃      ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠢᠴᠢ ᠬᠤᠷᠢᠨᠭᠡᠷ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ 40 ᠨᠡᠷᠡᠰ ᠡᠮᠴᠢ ᠰᠤᠪᠢᠯᠠᠭᠴᠢᠳ᠂ 10 ᠤᠳᠠᠭ᠎ᠠ ᠵᠣᠬᠢᠴᠠᠬᠤ ᠴᠢᠨᠠᠷ ᠤᠨ ᠨᠢᠰᠦᠯᠲᠡ ᠬᠢᠵᠦ᠂ ᠨᠢᠰᠦᠯᠲᠡ ᠶᠢᠨ ᠬᠤᠭᠤᠴᠠᠭ᠎ᠠ ᠨᠢ ᠨᠡᠶᠢᠲᠡ 100 ᠮᠢᠨᠦ᠋ᠲ ᠨᠢᠰᠦᠭᠰᠡᠨ ᠪᠠᠶᠢᠨ᠎ᠠ᠃ ᠡᠭᠦᠨ ᠠᠴᠠ ᠭᠠᠳᠠᠨ᠎ᠠ ᠂ ᠠᠵᠢᠯᠲᠠᠨ ᠠᠴᠠ ᠪᠣᠯᠪᠠᠰᠤᠷᠠᠭᠤᠯᠤᠯ ᠳᠤ ᠣᠷᠣᠯᠴᠠᠭᠰᠠᠨ ᠡᠮᠴᠢ ᠰᠤᠪᠢᠯᠠᠭᠴᠢᠳ ᠲᠤ ᠠᠭᠠᠷ ᠢᠶᠠᠷ ᠠᠪᠤᠷᠠᠨ ᠲᠤᠰᠠᠯᠠᠬᠤ ᠡᠭᠴᠡ ᠨᠢᠰᠬᠡᠯ ᠤᠨ ᠴᠡᠴᠡᠷᠡᠬᠦ ᠶᠢ ᠠᠷᠢᠯᠭᠠᠬᠤ ᠪᠠᠭᠠᠵᠢ᠂ ᠬᠦᠴᠢᠯᠲᠥ᠋ᠷᠥᠭᠴᠢ ᠶᠢᠨ ᠬᠤᠪᠢᠩ᠂ ᠴᠡᠷ ᠤᠨ ᠰᠣᠷᠣᠭᠤᠯ ᠵᠡᠷᠭᠡ ᠡᠮ ᠡᠮᠨᠡᠯᠭᠡ ᠶᠢᠨ ᠲᠥᠬᠦᠭᠡᠷᠦᠮᠵᠢ ᠶᠢ ᠲᠠᠨᠢᠯᠴᠠᠭᠤᠯᠬᠤ ᠶᠢᠨ ᠬᠠᠮᠲᠣ ᠠᠭᠠᠷ ᠢᠶᠠᠷ ᠠᠪᠤᠷᠠᠨ ᠲᠤᠰᠠᠯᠠᠬᠤ ᠵᠠᠷᠢᠮ ᠠᠩᠬᠠᠷᠬᠤ ᠵᠦᠢᠯ ᠢ ᠴᠦ ᠨᠠᠷᠢᠯᠢᠭ ᠲᠠᠨᠢᠯᠴᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠭᠠᠷ ᠠᠶᠠᠯᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠴᠤᠪᠤᠷᠠᠯ ᠳᠡᠭᠡᠷᠡᠬᠢ ᠶᠡᠷᠦᠩᠬᠡᠶᠢᠯᠡᠭᠰᠡᠨ ᠵᠣᠬᠢᠴᠠᠩᠭᠤᠶ ᠴᠢᠨᠠᠷ ᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠰᠢᠶᠠᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠦᠢᠯᠡᠰ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠦᠲᠦᠮᠵᠢᠲᠡᠶ ᠳᠥᠯᠭᠢᠨ ᠠᠬᠢᠭᠤᠯᠣᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号