10 ᠳ᠋ᠤᠭᠠᠷ ᠰᠠᠷ᠎ᠠ ᠶᠢᠨ 27 ᠤ ᠡᠳᠤᠷ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠧᠯᠸᠢᠰ ᠤᠲᠠᠰᠤᠲᠤ ᠬᠤᠷᠠᠯ ᠬᠦᠬᠡᠬᠤᠲᠠ ᠳᠤ | ᠬᠤᠷᠠᠯᠳᠤᠪᠠ᠃ ᠭᠦᠩ ᠸᠧᠢ ᠴᠦᠨ᠂ ᠡᠣ ᠸᠧᠨ ᠪᠢᠶᠣᠣ᠂ ᠵᠠᠩ ᠯᠢ ᠰᠢᠶᠠ ᠵᠡᠷᠭᠡ ᠳᠦᠷᠪᠡᠨ ᠶᠡᠭᠡ ᠤᠳᠤᠷᠢᠳᠬᠤ | ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠠᠵᠣ | ᠠᠬᠤᠢ ᠶᠢᠨ ᠨᠡᠭᠡᠭᠡᠯᠲᠡ ᠶᠢᠨ ᠣᠷᠤᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠡᠯ᠎ᠡ ᠰᠢᠶᠠᠩ | ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠬᠠᠮᠢᠶ᠎ᠠ ᠪᠥᠬᠦᠢ ᠰᠠᠯᠠᠭ᠎ᠠ ᠮᠦᠴᠢᠷ᠂ ᠵᠦᠪᠯᠡᠯ᠂ ᠠᠯᠪᠠᠨ | ᠭᠡᠷ᠂ ᠲᠣᠪᠴᠢᠶ᠎ᠠ ᠪᠠ ᠣᠯᠠᠨ ᠨᠡᠶᠢᠲᠡ ᠶᠢᠨ ᠪᠥᠯᠬᠦᠮ ᠤᠨ ᠭᠤᠣᠯ ᠬᠠᠷᠢᠭᠤᠴᠠᠯᠭᠠᠲᠠᠳ᠂ ᠰᠢᠶᠠᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠪᠥᠬᠦ | ᠪᠦᠷᠢᠯᠳᠦᠭᠦᠨ ᠵᠢᠴᠢ ᠡᠯ᠎ᠡ ᠰᠠᠯᠠᠭ᠎ᠠ ᠮᠦᠴᠢᠷ ᠠᠯᠪᠠᠨ ᠭᠡᠷ ᠤᠨ ᠬᠠᠷᠢᠭᠤᠴᠠᠯᠭᠠᠲᠠᠳ ᠦᠴᠦᠸᠠᠨ ᠰᠢᠶᠠᠨ ᠤ | ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠢ ᠬᠦᠯᠢᠶᠡᠨ ᠠᠪᠴᠤ ᠰᠣᠨᠤᠰᠪᠠ᠃ | ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠭᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠠ ᠤᠯᠤᠰ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠦᠭᠦᠯᠡᠯᠲᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ | ᠬᠤᠭᠤᠴᠠᠭᠠᠨ ᠤ ᠳᠣᠯᠤᠳᠤᠭᠠᠷ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠣᠷᠤᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠥᠪ ᠴᠢᠭᠯᠡᠯ ᠢ ᠢᠮᠠᠭᠲᠠ | ᠪᠠᠷᠢᠮᠲᠠᠯᠠᠵᠤ᠂ ᠦᠵᠡᠯ ᠰᠠᠨᠠᠭᠠᠨ ᠤ ᠵᠢᠯᠤᠭᠤᠳᠤᠯᠭ᠎ᠠ ᠢ ᠴᠢᠩᠭᠠᠳᠬᠠᠬᠤ᠂ ᠲᠥᠷᠦ ᠶᠢᠨ ᠪᠣᠳᠤᠯᠭ᠎ᠠ ᠶᠢ ᠠᠳᠬᠤᠬᠤ᠂ | ᠠᠵᠢᠯ ᠢ ᠪᠠᠶᠢᠷᠢᠯᠠᠭᠤᠯᠬᠤ᠂ ᠬᠥᠭ ᠠᠶᠠᠰ ᠢ ᠡᠵᠡᠮᠳᠡᠬᠦ ᠳᠡᠭᠡᠷ᠎ᠡ ᠬᠦᠴᠤ ᠲᠠᠯᠪᠢᠵᠤ᠂ ᠪᠥᠬᠦ ᠣᠷᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠡᠮᠬᠢ ᠴᠡᠭᠴᠡᠲᠡᠢ ᠠᠬᠢᠭᠤᠯᠬᠤ ᠬᠡᠷᠡᠭᠲᠡᠢ᠃ | ᠣᠷᠤᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠦ ᠶᠢᠨ ᠪᠣᠳᠤᠯᠭ᠎ᠠ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠤᠪᠴᠢᠲᠠᠢ ᠡᠵᠡᠮᠰᠢᠵᠤ᠂ ᠬᠡᠷᠡᠭᠵᠢᠭᠦᠯᠦᠯᠲᠡ ᠢᠯᠭᠤᠮ᠂ ᠠᠮᠢᠵᠢᠷᠠᠯ ᠤᠨ | ᠬᠦᠴᠦᠨ ᠲᠡᠭᠦᠯᠳᠡᠷ᠂ ᠳᠦᠷᠢᠮ ᠲᠣᠭᠲᠠᠭᠠᠯ ᠬᠠᠤᠯᠢ ᠴᠠᠭᠠᠵᠠ ᠶᠢ ᠳᠠᠭᠠᠭᠰᠠᠨ ᠠᠵᠢᠯ ᠤᠨ ᠰᠢᠰᠲ᠋ᠧᠮᠵᠢ ᠶᠢ | ᠬᠦᠴᠦᠯᠡᠨ ᠪᠦᠷᠢᠯᠳᠦᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠶᠡᠭᠡ ᠲᠠᠯ᠎ᠠ ᠶᠢ ᠡᠷᠡᠰ ᠪᠠᠷᠢᠮᠲᠠᠯᠠᠬᠤ ᠪᠠ ᠲᠡᠭᠦᠨ ᠳᠤ | ᠦᠢᠯᠡᠴᠢᠯᠡᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠠᠢ ᠲᠥᠯᠦᠪᠯᠡᠨ | ᠵᠣᠬᠢᠴᠠᠭᠤᠯᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠤ᠂ ᠤᠯᠤᠰ ᠲᠥᠷᠦ ᠶᠢᠨ ᠬᠠᠷᠢᠭᠤᠴᠠᠯᠭ᠎ᠠ ᠶᠢ | ᠱᠠᠲᠤ ᠳᠠᠷᠠᠭᠠᠯᠠᠨ ᠪᠤᠲᠠᠲᠠᠶᠢᠵᠢᠭᠤᠯᠵᠤ᠂ ᠴᠢᠩᠭ᠎ᠠ ᠬᠦᠴᠦᠲᠠᠢ ᠤᠳᠤᠷᠢᠳᠤᠯᠭ᠎ᠠ ᠪᠠᠷ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠤᠲᠠᠲᠠᠶᠢᠵᠢᠭᠤᠯᠬᠤ ᠶᠢ ᠡᠬᠢᠭᠤᠯᠵᠤ᠂ ᠡᠯ᠎ᠡ ᠵᠦᠢᠯ ᠤᠨ ᠠᠵᠢᠯ ᠢ ᠤᠷᠭᠠᠨᠢᠭ | ᠤᠶᠠᠯᠳᠤᠭᠤᠯᠤᠨ᠂ ᠠᠯᠬᠤᠮ ᠳᠠᠷᠠᠭ᠎ᠠ ᠲᠠᠢ᠂ ᠡᠮᠬᠢ ᠴᠡᠭᠴᠡᠲᠡᠢ ᠪᠠᠶᠢᠯᠭᠠᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠤᠨ ᠤ ᠡᠯ᠎ᠡ ᠰᠠᠯᠠᠭ᠎ᠠ ᠮᠦᠴᠢᠷ ᠤᠨ ᠬᠢᠨ《 ᠳᠦᠷᠪᠡᠨ | ᠤᠬᠠᠮᠰᠠᠷ》 ᠢ ᠦᠨᠡᠨᠬᠦ ᠴᠢᠩᠭᠠᠳᠬᠠᠵᠤ᠂《 ᠳᠦᠷᠪᠡᠨ ᠢᠳᠡᠬᠡᠯ》 ᠢ ᠪᠠᠷᠢᠮᠲᠠᠯᠠᠵᠤ᠂《 ᠬᠤᠶᠠᠷ ᠢ ᠬᠠᠮᠠᠭᠠᠯᠠᠬᠤ | 》 ᠢ ᠡᠷᠡᠰ ᠪᠠᠷᠢᠮᠲᠠᠯᠠᠵᠤ᠂ ᠲᠥᠪ ᠤᠨ ᠣᠷᠤᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠣᠷᠢᠭ ᠰᠠᠨᠠᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠳᠤᠯᠤᠳᠤᠭᠠᠷ ᠪᠥᠭᠦᠳᠡ ᠬᠤᠷᠠᠯ ᠤᠨ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠤ᠂ ᠪᠥᠬᠦ ᠣᠷᠤᠨ ᠤ ᠣᠷᠤᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ | ᠵᠦᠢᠯ ᠤᠨ ᠡᠭᠦᠷᠭᠡ ᠶᠢ ᠴᠢᠨᠠᠷᠯᠢᠭ᠂ ᠴᠠᠭ ᠲᠤᠬᠠᠢ ᠳᠤ ᠨᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠃ | ᠦᠭᠡᠷᠡᠴᠢᠯᠡᠯᠲᠡ ᠶᠢᠨ ᠪᠤᠳᠠᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠭᠠᠵᠠᠷ | ᠣᠷᠤᠨ ᠤ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠡᠯ᠎ᠡ ᠵᠦᠢᠯ ᠤᠨ ᠠᠵᠢᠯ ᠢ ᠬᠠᠷᠠᠵᠤ᠂ | ᠬᠠᠮᠢᠶᠠᠷᠬᠤ᠂ ᠱᠠᠯᠠᠪᠳᠠᠭᠤᠯᠬᠤ ᠬᠦᠮᠦᠨ ᠪᠠᠶᠢᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠨ ᠬᠢᠵᠤ᠂ ᠵᠠᠷᠯᠢᠭ ᠵᠢᠭᠠᠪᠤᠷᠢ ᠶᠢ ᠳᠠᠭᠠᠭᠰᠠᠨ᠂ ᠤᠳᠠᠭᠠᠰᠢᠷᠠᠭᠤᠯᠵᠤ | ᠬᠤᠶᠢᠰᠢᠯᠠᠭᠤᠯᠬᠤ ᠦᠭᠡᠢ᠂ ᠬᠤᠪᠢᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠤ᠂ ᠪᠠᠶᠢᠭᠤᠯᠤᠮᠵᠢ ᠶᠢᠨ | ᠥᠭᠡᠷᠡᠴᠢᠯᠡᠯᠲᠡ ᠳᠤᠮᠳᠠᠬᠢ ᠬᠠᠤᠯᠢ ᠴᠠᠭᠠᠵᠠ ᠳᠦᠷᠢᠮ ᠲᠣᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠵᠡᠰᠬᠦᠯᠡᠩᠲᠤ ᠰᠠᠶᠢᠬᠠᠨ ᠥᠪᠦᠷ ᠮᠤᠩᠭᠤᠯ ᠢ ᠪᠥᠲᠦᠭᠡᠨ ᠪᠠᠶᠢᠭᠤᠯᠵᠤ᠂ | ᠠᠭᠤᠤ ᠶᠡᠭᠡ ᠳᠤᠮᠳᠠᠳᠤ ᠶᠢᠨ ᠬᠦᠰᠡᠯ ᠢ ᠪᠡᠶᠡᠯᠡᠭᠦᠯᠬᠦ ᠳᠤ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠬᠠᠩᠭᠠᠬᠤ | ᠬᠡᠷᠡᠭᠲᠡᠢ ᠭᠡᠪᠡ᠃ |