ᠦᠪᠦᠷ ᠮᠤᠩᠭᠤᠯ ᠤᠨ ᠵᠤᠬᠢᠶᠠᠯ ᠤᠨ ᠳᠠᠭᠤᠤ ᠶᠢᠨ ᠦᠳᠡᠰᠢᠯᠡᠭᠡ ᠪᠤᠯᠤᠯ᠎ᠠ
ᠨᠡᠶᠢᠲᠡᠯᠡᠭᠰᠡᠨ ᠴᠠᠭ᠄
2018/12/10
      ᠦᠭᠡᠷᠡᠴᠢᠯᠡᠯᠳᠡ ᠨᠡᠭᠡᠭᠡᠯᠳᠡ ᠶᠢᠨ ᠲᠦᠴᠢᠨ ᠵᠢᠯ ᠤᠨ ᠤᠢ ᠳᠤ ᠵᠤᠷᠢᠭᠤᠯᠤᠭᠰᠠᠨ ︽ᠰᠡᠳᠬᠢᠯ ᠳᠤ ᠬᠤᠨᠤᠭᠰᠢᠭᠰᠠᠨ ᠡᠭᠡᠰᠢᠭ︾ ᠵᠤᠬᠢᠶᠠᠯ ᠤᠨ ᠳᠠᠭᠤᠤ ᠶᠢᠨ ᠦᠳᠡᠰᠢᠯᠡᠭᠡ 12 ᠳ᠋ᠤᠭᠠᠷ ᠰᠠᠷ᠎ᠠ ᠶᠢᠨ 7 ᠤ ᠤᠷᠤᠢ ᠬᠦᠬᠡᠬᠤᠳᠠ ᠳᠤ ᠪᠤᠯᠤᠯ᠎ᠠ᠃      ᠦᠳᠡᠰᠢᠯᠡᠭᠡ ᠳᠤ ᠠᠯᠳᠠᠷᠳᠤ ᠳᠠᠭᠤᠴᠢᠨ ᠯᠾᠡᠰᠦ᠋ᠷᠦᠩ᠂ ᠠᠯᠳᠠᠢ᠂ ᠮᠦᠩᠬᠦᠨᠴᠡᠴᠡᠭ᠂ ᠤᠶᠤᠨᠪᠢᠯᠢᠭ᠌᠂ ᠦᠷᠴᠠᠶᠢᠬᠤ᠂ ᠴᠡᠴᠡᠭᠮ᠎ᠡ᠂ ᠰᠦ᠊ · ᠬᠦᠭᠵᠢᠯᠳᠤ᠂ ᠳᠠᠪᠰᠢᠯᠳᠤ᠂ ᠤᠳᠬᠠᠨᠳᠤᠶᠠᠭ᠎ᠠ᠂ ᠪᠠᠶᠠᠨᠨᠠᠮᠤᠷ᠂ ᠪᠠᠢ ᠢᠦᠢ ᠬᠤᠸᠠ᠂ ᠤᠶᠠᠩᠭ᠎ᠠ ᠵᠡᠷᠭᠡ ᠳᠠᠭᠤᠴᠢᠳ ᠪᠤᠯᠤᠨ ︽ᠬᠦᠬᠡ ᠬᠡᠭᠡᠷ᠎ᠡ ᠬᠠᠮᠳᠤᠯᠢᠭ︾᠂ ︽ᠰᠤᠤᠳᠤᠨ︾᠂ ︽ᠳᠤᠯᠭᠠᠳᠠᠨ︾ ᠵᠡᠷᠭᠡ ᠬᠠᠮᠳᠤᠯᠢᠭ ᠤᠨ ᠬᠢᠨ ᠬᠦᠮᠦᠨ ᠠᠷᠠᠳ ᠤᠨ ᠢᠶᠠᠨ ᠰᠡᠳᠬᠢᠯ ᠳᠤ ᠬᠦᠷᠦᠭᠰᠡᠨ ᠠᠶᠠᠯᠭᠤ ᠡᠭᠡᠰᠢᠭ ᠢ ᠳᠠᠬᠢᠨᠳᠠ ᠡᠷᠬᠦᠨ ᠪᠠᠷᠢᠵᠦ᠂ ᠤᠳᠤᠨ ᠬᠤᠯᠠᠳᠠᠭᠰᠠᠨ ᠤᠨ ᠵᠢᠯ᠂ ᠳᠤᠷᠠᠰᠤᠮᠵᠢ ᠶᠢ ᠡᠷᠬᠢᠨ ᠰᠠᠨᠠᠭᠳᠠᠭᠤᠯᠵᠦ ᠴᠢᠳᠠᠯ᠎ᠠ᠃ ︽ᠬᠤᠯᠠ ᠶᠢᠨ ᠲᠡᠷᠭᠡᠯ ᠬᠦᠳᠡᠭᠡ︾᠂ ︽ᠬᠠᠨ ᠳᠡᠭᠷᠢ ᠠᠯᠠᠱᠠ︾᠂ ︽ᠮᠠᠯᠴᠢᠳ ᠤᠨ ᠪᠠᠶᠠᠷ︾᠂ ︽ᠡᠵᠢ ᠮᠢᠨᠢ︾᠂ ︽ᠭᠠᠯᠠᠭᠤᠨ ᠢᠷᠡᠳᠡᠭ ᠬᠠᠪᠤᠷ︾ ᠵᠢᠱᠢᠶ᠎ᠡ ᠲᠠᠢ ᠤᠯᠠᠨ ᠰᠠᠶᠢᠬᠠᠨ ᠬᠠᠭᠤᠴᠢᠨ ᠤ ᠳᠠᠭᠤᠤ ᠨᠤᠭᠤᠳ ᠦᠵᠡᠭᠴᠢᠳ ᠤᠨ ᠬᠠᠷᠠᠭ᠎ᠠ ᠰᠤᠨᠤᠷ ᠲᠤ ᠳᠠᠬᠢᠨ ᠠᠮᠢᠯᠠᠭᠰᠠᠨ ᠪᠢᠯᠡ᠃      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠶᠢᠨ ᠮᠤᠩᠭᠤᠯ ᠤᠳᠤᠨ ᠲᠧᠯᠸᠢᠰ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠲᠢᠩᠬᠢᠮ ᠤᠨ ᠤᠷᠠᠯᠢᠭ ᠤᠨ ᠬᠡᠯᠳᠡᠰ ᠠᠴᠠ      ᠳᠠᠭᠠᠭᠠᠴᠢᠯᠠᠨ ᠡᠷᠬᠢᠯᠡᠭᠰᠡᠨ ᠡᠨᠡᠬᠦ ᠦᠳᠡᠰᠢᠯᠡᠭᠡ ᠨᠢ ᠴᠠᠭ ᠦᠶ᠎ᠡ ᠶᠢᠨ ᠲᠦᠯᠦᠭᠡᠯᠡᠬᠦ ᠴᠢᠨᠠᠷᠳᠠᠢ ᠳᠠᠭᠤᠤ ᠶᠢ ᠰᠤᠩᠭᠤᠨ ᠠᠳᠠᠯᠢ ᠪᠤᠰᠤ ᠬᠡᠪ ᠮᠠᠶ᠋ᠢᠭ᠂ ᠬᠦᠭ ᠠᠶᠠᠰ ᠢ ᠢᠯᠡ ᠳᠤᠳᠤ ᠬᠠᠷᠢᠴᠠᠭᠤᠯᠤᠨ᠂ ᠳᠠᠭᠤᠤ ᠶᠢᠨ ᠤᠷᠠᠯᠢᠭ ᠤᠨ ᠦᠩᠭᠡᠷᠡᠭᠰᠡᠨ ᠤᠳᠤ ᠶᠢᠨ ᠬᠤᠪᠢᠷᠠᠯ ᠬᠦᠭᠵᠢᠯ ᠢ ᠦᠵᠡᠭᠴᠢᠳ ᠲᠤ ᠬᠠᠷᠠᠭᠤᠯᠬᠤ ᠶᠢ ᠵᠤᠷᠢᠭᠰᠠᠨ ᠪᠠᠶᠢᠨ᠎ᠠ᠃      ᠦᠳᠡᠰᠢᠯᠡᠭᠡ ᠳᠤ ᠳᠠᠭᠤᠯᠠᠭᠰᠠᠨ ᠳᠠᠭᠤᠤ ᠨᠤᠭᠤᠳ ᠢ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠵᠢᠭᠤᠯᠴᠢᠯᠠᠯ ᠤᠨ ᠲᠢᠩᠬᠢᠮ  ᠤᠨ ᠤᠷᠠᠯᠢᠭ ᠤᠨ ᠬᠡᠯᠳᠡᠰ ᠪᠤᠯᠤᠨ ᠮᠤᠩᠭᠤᠯ ᠤᠳᠤᠨ ᠲᠧᠯᠸᠢᠰ ᠤᠨ ᠤᠷᠠᠨ ᠪᠦᠲᠦᠭᠡᠯᠴᠢ ᠶᠢᠨ ᠪᠠᠭ ᠤᠨ ᠬᠢᠨ ᠰᠤᠩᠭᠤᠨ ᠰᠢᠯᠢᠵᠦ᠂ ᠤᠯᠠᠭᠠᠨᠮᠦ᠋ᠴᠢᠷ ᠤᠨ ᠳᠠᠭᠤᠴᠢᠳ ᠳᠠᠭᠤᠯᠠᠭᠰᠠᠨ ᠢᠶᠠᠷ ᠢᠶᠠᠨ ᠤᠨᠴᠠᠯᠢᠭᠳᠠᠭᠰᠠᠨ ᠶᠤᠮ᠃
ᠢᠷᠡᠯᠲᠡ᠄ ᠲᠥᠪ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ