ᠦᠴᠦᠸᠠᠨ ᠰᠢᠶᠠᠨ ᠤ ᠬᠢᠨᠠᠨ ᠪᠣᠳᠤᠬᠤ ᠲᠣᠪᠴᠢᠶ᠎ᠠ《 ᠬᠠᠶᠢᠷ᠎ᠠ ᠬᠠᠯᠠᠮᠵᠢ ᠬᠦᠷᠭᠡᠬᠦ》ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2018-12-11
     ᠬᠢᠨᠠᠨ ᠪᠣᠳᠤᠬᠤ ᠠᠵᠢᠯ ᠤᠨ ᠢᠯᠭᠤᠮ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠪᠠ ᠶᠠᠳᠠᠭᠤ ᠶᠢ ᠲᠡᠳᠬᠦᠬᠦ ᠺᠠᠳ᠋ᠷ ᠤᠨ ᠭᠠᠷᠠᠭ ᠪᠣᠯᠭᠠᠨ ᠤ ᠬᠦᠳᠡᠭᠡ ᠪᠠᠭᠤᠬᠤ ᠴᠠᠭ ᠢ 3.5 ᠡᠳᠤᠷ ᠠᠴᠠ ᠶᠡᠭᠡ ᠪᠠᠶᠢᠯᠭᠠᠬᠤ ᠶᠢ ᠪᠡᠶᠡᠯᠡᠭᠦᠯᠬᠦ ᠶᠢᠨ ᠲᠥᠯᠦᠭᠡ᠂ ᠦᠴᠦᠸᠠᠨ ᠰᠢᠶᠠᠨ ᠤ ᠬᠢᠨᠠᠨ ᠪᠣᠳᠤᠬᠤ ᠲᠣᠪᠴᠢᠶ᠎ᠠ ᠠᠴᠠ ᠭᠠᠷᠠᠭ ᠤᠨ ᠡᠳᠤᠷ ᠤᠨ ᠴᠠᠭ ᠢ ᠠᠰᠢᠭᠯᠠᠨ᠂ ᠲᠤᠰ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠳ ᠤᠨ ᠤᠳᠤᠷᠢᠳᠤᠨ ᠳᠠᠭᠠᠭᠤᠯᠤᠭᠰᠠᠨ ᠶᠠᠳᠠᠭᠤ ᠶᠢ ᠲᠡᠳᠬᠦᠬᠦ ᠺᠠᠳ᠋ᠷ ᠬᠦᠬᠡ ᠡᠷᠭᠢ ᠪᠠᠯᠭᠠᠰᠤ ᠶᠢᠨ ᠤᠯᠠᠭᠠᠨ ᠬᠤᠳᠳᠤᠭ ᠲᠤᠰᠬᠤᠨ ᠳᠤ ᠬᠦᠷᠴᠤ《 ᠬᠠᠶᠢᠷ᠎ᠠ ᠬᠠᠯᠠᠮᠵᠢ ᠬᠦᠷᠭᠡᠬᠦ 》ᠠᠵᠢᠯᠯᠠᠭ᠎ᠠ ᠥᠷᠨᠢᠭᠦᠯᠪᠡ᠃                              ᠶᠠᠳᠠᠭᠤ ᠶᠢ ᠲᠡᠳᠬᠦᠬᠦ ᠺᠠᠳ᠋ᠷᠴᠤᠳ ᠡᠷᠦᠬᠡ ᠳᠤ ᠭᠦᠨᠵᠡᠭᠡᠶᠢᠷᠡᠵᠤ᠂ ᠶᠠᠳᠠᠭᠤ ᠬᠦᠴᠢᠷᠳᠡᠯᠳᠠᠢ ᠡᠷᠦᠬᠡ ᠶᠢᠨ  ᠬᠢᠨ ᠲᠠᠢ ᠵᠣᠭᠤᠭ ᠳᠡᠯᠭᠡᠵᠤ᠂ ᠲᠥᠷᠦ ᠶᠢᠨ ᠪᠣᠳᠤᠯᠭ᠎ᠠ ᠶᠢ ᠣᠶᠢᠯᠠᠭᠠᠭᠤᠯᠤᠨ᠂ ᠲᠡᠳᠡᠨᠠᠷ ᠤᠨ ᠬᠦᠴᠢᠷ ᠵᠣᠪᠠᠭᠤᠷᠢ ᠶᠢ ᠰᠣᠨᠤᠰᠴᠤ᠂ ᠬᠦᠴᠢᠷᠳᠡᠯᠲᠠᠢ ᠪᠠᠶᠢᠳᠠᠯ ᠠᠴᠠ ᠭᠠᠷᠬᠤ ᠢᠲᠡᠬᠡᠯ ᠵᠣᠷᠢᠭ ᠣᠯᠭᠤᠭᠰᠠᠨ ᠪᠥᠭᠡᠳ 21 ᠶᠠᠳᠠᠭᠤ ᠬᠦᠴᠢᠷᠳᠡᠯᠲᠠᠢ ᠡᠷᠦᠬᠡ᠂ 25 ᠡᠩ ᠤᠨ ᠡᠷᠦᠬᠡ ᠳᠤ ᠴᠠᠬᠢᠯᠭᠠᠨ ᠲᠣᠭᠤᠭ᠎ᠠ ᠵᠡᠷᠭᠡ ᠲᠣᠬᠤᠨᠢᠭᠤᠯᠭ᠎ᠠ ᠶᠢᠨ ᠪᠤᠳᠠᠰ ᠬᠦᠷᠭᠡᠵᠤ᠂ ᠶᠠᠳᠠᠭᠤ ᠬᠦᠴᠢᠷᠳᠡᠯᠲᠠᠢ ᠡᠷᠦᠬᠡ ᠶᠢᠨ ᠪᠠᠶᠠᠷ ᠲᠠᠯᠠᠷᠬᠠᠯ ᠢ ᠬᠦᠷᠲᠡᠵᠤ᠂ ᠲᠤᠰ ᠤᠳᠠᠭᠠᠨ ᠤ ᠠᠵᠢᠯᠯᠠᠭ᠎ᠠ  ᠨᠢ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠠᠵᠢᠯᠯᠠᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号