ᠲᠤᠭᠳᠠᠬᠤ ᠰᠢᠶᠠᠨ‌ᠬᠤᠲᠠ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018-12-17
     ᠤᠯᠤᠰ ᠤᠨ ᠲᠠᠰ ᠤᠨ ᠠᠷᠢᠭᠤᠨ ᠴᠡᠪᠡᠷ ᠬᠤᠲᠠ ᠶᠢ ᠪᠦᠳᠦᠭᠡᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂  ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠥᠪ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠪᠦᠬᠦ ᠬᠦᠴᠦᠨ ᠢᠶᠠᠷ ᠢᠶᠠᠨ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠠᠷᠢᠭᠤᠨ ᠴᠡᠪᠡᠷ ᠬᠤᠲᠠ ᠶᠢ ᠪᠦᠳᠦᠭᠡᠨ ᠪᠠᠶᠢᠭᠤᠯᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠦᠨᠡᠨᠬᠦ ᠪᠤᠳᠠᠳᠠᠢ ᠦᠷᠨᠢᠭᠦᠯᠵᠤ ᠪᠠᠶᠢᠨ᠎ᠠ᠃
     ᠡᠨᠡ ᠤᠳᠠᠭ᠎ᠠ ᠶᠢᠨ ᠴᠡᠭᠴᠡᠯᠡᠨ ᠵᠠᠰᠠᠬᠤ ᠠᠵᠢᠯᠯᠠᠭ᠎ᠠ ᠭᠤᠤᠯᠳᠠᠭᠤ ᠭᠤᠷᠪᠠᠨ ᠶᠡᠭᠡ ᠲᠥᠷᠥᠯ ᠤᠨ ᠠᠰᠠᠭᠤᠳᠠᠯ ᠢ ᠰᠢᠳᠪᠦᠷᠢᠯᠡᠵᠤ ᠪᠠᠶᠢᠨ᠎ᠠ᠄ ᠨᠢᠭᠡ ᠳᠤ᠂ ᠬᠤᠳᠠ ᠶᠢ ᠪᠤᠵᠠᠷᠳᠠᠭᠤᠯᠵᠤ ᠪᠠᠶᠢᠭ᠎ᠠ ᠦᠵᠡᠭᠳᠡᠯ ᠶᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠨ᠎ᠠ︔ ᠬᠤᠶᠠᠷ ᠲᠤ᠂ ᠡᠮᠬᠢ ᠲᠢᠭᠯᠢᠮ ᠦᠭᠡᠢ ᠪᠠᠶᠢᠳᠠᠯ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠨ᠂ ᠬᠤᠳᠠ ᠶᠢᠨ ᠲᠦᠷᠰᠦ ᠪᠠᠶᠢᠳᠠᠯ ᠳᠤ ᠶᠡᠷᠦᠩᠬᠡᠶᠢᠯᠡᠨ ᠵᠠᠰᠠᠠᠯᠳᠠ ᠬᠢᠨ᠎ᠡ︔ ᠭᠤᠷᠪᠠ ᠳᠤ᠂ ᠬᠤᠳᠠ‌‍ᠶᠢᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠤᠲᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠨ᠎ᠠ᠃
     ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠦᠭᠰᠡᠨ ᠠᠴᠠ ᠮᠠᠨ ᠤ ᠰᠢᠶᠠᠨ ᠤ ᠬᠤᠳᠠ ᠶᠢᠨ ᠲᠦᠷᠰᠦ ᠪᠠᠶᠢᠳᠠᠯ ᠪᠠ ᠰᠠᠭᠤᠭᠠᠯᠢ ᠠᠷᠠᠳ ᠤᠨ ᠬᠡᠪ ᠴᠢᠨᠠᠷ ᠢ ᠪᠦᠲᠦᠮᠵᠢᠲᠡᠶ ᠲᠡᠭᠡᠭᠰᠢᠯᠡᠭᠦᠯᠪᠡ᠃ ᠲᠡᠷᠠᠭ᠎ᠠ ᠠᠯᠬᠤᠮ‌‍ᠳᠤ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠥᠪ ᠬᠤᠲᠠ ᠶᠢᠨ ᠳᠦᠷᠢ ᠲᠥᠷᠬᠦ ᠶᠢᠨ ᠪᠠᠶᠢᠭᠤᠯᠤᠯᠲᠠ‌‍ᠶᠢᠨ ᠭᠤᠣᠯ ᠬᠦᠴᠦᠨ ᠤ ᠦᠢᠯᠡᠳᠦᠯ ᠢᠶᠠᠨ ᠪᠦᠲᠦᠮᠵᠢᠲᠡᠶ ᠪᠠᠳᠠᠷᠠᠭᠤᠯᠵᠤ᠂ ᠡᠯ᠎ᠡ ᠵᠦᠢᠯ ᠤᠨ ᠬᠤᠲᠠ ᠵᠢᠨ‌‍ᠲ᠋ᠦ᠋ᠷᠢ ᠲᠥᠷᠬᠦ ᠶᠢᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号