ᠰᠢᠨᠬᠤᠸᠠ ᠬᠤᠷᠢᠶ᠎ᠠ ᠶᠢᠨ ᠬᠥᠬᠡᠬᠤᠲᠠ ᠶᠢᠨ 12 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ︵ᠰᠤᠷᠪᠤᠯᠵᠢᠯᠠᠭᠴᠢ ᠸᠠᠩ ᠵᠢᠩ︶ ᠰᠤᠷᠪᠤᠯᠵᠢᠯᠠᠭᠴᠢ | 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠥᠭᠡᠷᠡᠴᠢᠯᠡᠯᠲᠡ ᠨᠡᠬᠡᠭᠡᠯᠲᠡ ᠶᠢᠨ 40 ᠵᠢᠯ ᠤᠨ | ᠲᠤᠷᠰᠢ᠂ ᠥᠪᠥᠷ ᠮᠣᠩᠭᠤᠯᠦᠨᠳᠦᠰᠦᠲᠡᠨ ᠤ ᠰᠤᠷᠭᠠᠨ ᠬᠦᠮᠦᠵᠢᠯ ᠢ ᠶᠡᠬᠡᠪᠡᠷ ᠬᠦᠭᠵᠢᠭᠦᠯᠵᠦ᠂ ᠨᠡᠶᠢᠲᠡ 50.6 ᠲᠦᠮᠡᠨ ᠴᠥᠭᠡᠨ ᠲᠣᠭᠠᠲᠤᠦᠨᠳᠦᠰᠦᠲᠡᠨ ᠤ | ᠣᠶᠤᠲᠠᠨ ᠢ ᠬᠦᠮᠦᠵᠢᠭᠦᠯᠵᠡᠢ᠃ | ᠲᠠᠨᠢᠯᠴᠠᠭᠤᠯᠤᠭᠰᠠᠨ ᠢᠶᠠᠷ᠂ 40 ᠵᠢᠯ ᠤᠨ ᠲᠤᠷᠰᠢ᠂ ᠥᠪᠥᠷ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠢ︽ᠡᠩ ᠲᠡᠷᠢᠭᠦᠨ ᠳᠤ ᠭᠤᠣᠯᠳᠠᠯᠭ᠎ᠠ ᠲᠠᠢ︾ | ᠬᠦᠭᠵᠢᠭᠦᠯᠬᠦ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠥᠷᠢᠮ︾ ᠵᠡᠷᠭᠡ ᠠᠯᠢ ᠣᠯᠠᠨ | ᠬᠠᠥᠯᠢ ᠴᠠᠭᠠᠵᠠ ᠶᠢᠨ ᠪᠢᠴᠢᠭᠮᠠᠲ᠋ᠧᠷᠢᠶᠠᠯ ᠢ ᠪᠠᠲᠤᠯᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠬᠠᠥᠯᠢᠴᠠᠭᠠᠵᠠ ᠶᠢᠨ | ᠪᠠᠲᠤᠯᠠᠭ᠎ᠠ ᠶᠢ ᠴᠢᠩᠭᠠᠳᠬᠠᠵᠠᠢ᠃ ᠥᠪᠥᠷ ᠮᠣᠩᠭᠤᠯ ᠪᠠᠰᠠ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠦᠨᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ | ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦ ᠶᠠᠪᠤᠴᠠ ᠳ᠋ᠤ᠋ᠠᠭᠤᠰᠬᠠᠨ ᠨᠡᠶᠢᠯᠡᠭᠦᠯᠵᠦ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ | ᠪᠣᠯᠣᠨ ᠰᠢᠨᠡᠮᠠᠶ᠋ᠢᠭ ᠤᠨ ᠦᠨᠳᠦᠰᠦᠲᠡᠨ ᠤ ᠬᠠᠷᠢᠴᠠᠭᠠᠨ ᠤ ᠲᠤᠬᠠᠢ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠣᠷᠤᠭᠤᠯᠵᠤ᠂ ᠬᠢᠴᠢᠶᠡᠯ ᠦᠨᠲ᠋ᠢᠩᠬᠢᠮ ᠳᠤ ᠣᠷᠤᠭᠤᠯᠬᠤ ᠶᠢ | ᠭᠦᠨᠵᠡᠭᠡᠢ ᠲᠦᠯᠬᠢᠨ ᠠᠬᠢᠭᠤᠯᠵᠠᠢ᠃ ᠡᠭᠦᠨ ᠤ ᠬᠠᠮᠲᠤ᠂ ᠥᠪᠥᠷ ᠮᠣᠩᠭᠤᠯ ︽ᠬᠤᠣᠰ ᠬᠡᠯᠡᠨ ᠦᠵᠢᠭᠠᠨ ᠰᠤᠷᠭᠠᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢ | ᠴᠢᠬᠤᠯᠠᠴᠢᠯᠠᠵᠤ᠂ ᠮᠣᠩᠭᠤᠯ ᠬᠢᠲᠠᠳ ᠬᠤᠶᠠᠷᠬᠡᠯᠡ ᠳᠤ ᠨᠡᠪᠲᠡᠷᠡᠬᠦ ᠪᠠᠷ ᠦᠨᠳᠦᠰᠦᠨ ᠬᠠᠷᠠᠯᠲᠠ ᠪᠣᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠴᠠ ᠳᠤᠮᠳᠠᠳᠤ | ᠪᠠᠭ᠎ᠠᠰᠤᠷᠭᠠᠭᠤᠯᠢ ᠪᠣᠯᠣᠨ ᠶᠡᠭᠡ ᠳᠡᠭᠡᠳᠦ ᠰᠤᠷᠭᠠᠭᠤᠯᠢ ᠬᠦᠷᠲᠡᠯᠡᠬᠢ ᠡᠯ᠎ᠡ ᠱᠠᠲᠤ ᠦᠶ᠎ᠡ ᠶᠢ ᠪᠦᠲᠦᠮᠵᠢᠲᠡᠢ ᠵᠣᠯᠭᠠᠭᠤᠯᠵᠤ᠂ᠪᠠᠭᠰᠢ ᠶᠢᠨ ᠡᠩᠨᠡᠭᠡ ᠪᠠ ᠵᠢᠭᠠᠨ | ᠰᠤᠷᠭᠠᠯᠲᠠ ᠶᠢᠨ ᠡᠬᠢ ᠪᠠᠶᠠᠯᠢᠭ ᠨᠢ ᠬᠡᠷᠡᠭᠴᠡᠭᠡ ᠶᠢ ᠬᠠᠩᠭᠠᠭᠰᠠᠨ ᠬᠤᠣᠰ ᠬᠡᠯᠡᠨ ᠤ ᠰᠤᠷᠭᠠᠨᠬᠦ᠋ᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃ | ᠡᠯ᠎ᠡ ᠱᠠᠲᠤᠨ ᠤ ᠡᠳ᠋ ᠤᠨ ᠵᠠᠰᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠳᠤ | ᠣᠷᠣᠭᠤᠯᠤᠭᠰᠠᠨ ᠲᠤᠰᠬᠠᠢ ᠵᠦᠢᠯ ᠤᠨ ᠪᠡᠯᠡ ᠮᠦᠩᠭᠦ ︽ᠠᠷᠪᠠᠳᠤᠭᠠᠷᠲ᠋ᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠨᠢᠭᠡ ᠳ᠋ᠦᠩᠰᠢᠭᠤᠷ ᠰᠢᠬᠠᠮ | ᠲᠥᠭᠦᠷᠢᠭ ᠠᠴᠠ ︽ᠠᠷᠪᠠᠨᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ 12 ᠳ᠋ᠦᠩᠰᠢᠭᠤᠷ ᠰᠢᠬᠠᠮ ᠲᠦᠭᠦᠷᠢᠭ ᠲᠤ ᠬᠦᠷᠴᠦ᠂ ︽ᠠᠷᠪᠠᠨᠬᠤᠶᠠᠳᠤᠭᠠᠷ ᠲᠠᠪᠤᠨ | ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ 20 ᠳ᠋ᠦᠩᠰᠢᠭᠤᠷ ᠰᠢᠬᠠᠮ ᠲᠦᠭᠦᠷᠢᠭ ᠲᠦᠬᠦ᠋ᠷᠴᠡᠢ᠃ ᠣᠳᠣᠬᠠᠨ᠂ ᠪᠦᠬᠦ ᠣᠷᠣᠨ ᠤ ᠴᠥᠭᠡᠨ ᠲᠣᠭᠠᠲᠤ | ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠨᠲ᠋ᠤᠭ᠎ᠠ 96.9 ᠲᠦᠮᠡᠨ ᠬᠦᠮᠦᠨ ᠳᠤ ᠬᠦᠷᠴᠦ᠂ 1978 ᠣᠨ ᠲᠠᠢ ᠬᠠᠷᠢᠴᠠᠭᠤᠯᠪᠠᠯ 38.6 | ᠲᠦᠮᠡᠨ ᠬᠦᠮᠦᠨᠨᠡᠮᠡᠭᠳᠡᠵᠡᠢ᠃ |