12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠷ᠎ᠠ ᠶᠢ ᠠᠷᠢᠯᠭᠠᠵᠣ | ᠬᠠᠷᠬᠢᠰ ᠢ ᠤᠰᠠᠳᠬᠠᠬᠤ ᠲᠣᠰᠬᠠᠢ ᠲᠡᠮᠡᠴᠡᠯ ᠤᠨ ᠨᠢᠭᠡᠳᠦᠭᠡᠷ ᠰᠢᠮᠳᠠᠭᠤᠯᠣᠨ ᠵᠢᠯᠣᠭᠤᠳᠬᠤ ᠳᠣᠭᠤᠶᠢᠯᠠᠩ ᠤᠨ ᠬᠢᠨ | ᠴᠧᠩ ᠭᠤᠸᠠᠨ ᠪᠠᠯᠭᠠᠰᠣᠨ ᠳᠤ ᠬᠦᠷᠴᠦ᠂ ᠬᠠᠷ᠎ᠠ ᠶᠢ ᠠᠷᠢᠯᠭᠠᠵᠣ ᠬᠠᠷᠬᠢᠰ ᠢ ᠣᠰᠠᠳᠬᠠᠬᠤ ᠲᠣᠰᠬᠠᠢ ᠲᠡᠮᠡᠴᠡᠯ ᠢ | ᠥᠷᠨᠢᠭᠦᠯᠦᠭᠰᠡᠨ ᠪᠠᠶᠢᠳᠠᠯ ᠢ ᠰᠢᠮᠳᠠᠭᠤᠯᠣᠨ ᠵᠢᠯᠣᠭᠤᠳᠬᠤ ᠶᠢᠨ ᠬᠠᠮᠲᠣ ᠰᠠᠭᠤᠳᠠᠯ ᠤᠨ ᠬᠤᠷᠠᠯ ᠡᠷᠬᠢᠯᠡᠨ | ᠬᠤᠷᠠᠯᠳᠣᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠣᠯᠣᠰ ᠲᠦᠷᠥ | ᠬᠠᠣᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠴᠢᠣᠸᠠᠨ ᠱᠧᠩ ᠬᠤᠷᠠᠯ ᠡᠷᠬᠢᠯᠡᠨ᠂ ᠵᠠᠰᠠᠭ ᠤᠨ ᠣᠷᠳᠣᠨ ᠤ | ᠰᠢᠶᠠᠨ ᠤ ᠳᠡᠳ᠋ ᠳᠠᠷᠤᠭ᠎ᠠ᠂ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠵᠢᠶᠠᠨ | ᠴᠢᠩ᠂ ᠴᠧᠩ ᠭᠤᠸᠠᠨ ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ | ᠲᠣᠮᠢᠯᠠᠭᠰᠠᠨ ᠰᠠᠯᠪᠣᠷᠢ᠂ ᠬᠠᠣᠯᠢ ᠴᠠᠭᠠᠵᠠ ᠶᠢᠨ ᠭᠠᠵᠠᠷ ᠵᠢᠴᠢ ᠡᠯ᠎ᠡ ᠵᠠᠰᠠᠭ ᠵᠠᠬᠢᠷᠭᠠᠨ ᠤ ᠲᠣᠰᠬᠤᠨ ᠪᠣᠯᠣᠨ | ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ | ᠰᠢᠮᠳᠠᠭᠤᠯᠣᠨ ᠵᠢᠯᠣᠭᠤᠳᠬᠤ ᠳᠣᠭᠤᠶᠢᠯᠠᠩ ᠤᠨ ᠬᠢᠨ ᠴᠧᠩ ᠭᠤᠸᠠᠨ ᠪᠠᠯᠭᠠᠰᠣᠨ ᠤ ᠡᠯ᠎ᠡ ᠵᠠᠰᠠᠭ | ᠵᠠᠬᠢᠷᠭᠠᠨ ᠤ ᠲᠣᠰᠬᠤᠨ ᠤ ᠬᠠᠷ᠎ᠠ ᠶᠢ ᠠᠷᠢᠯᠭᠠᠵᠣ ᠬᠠᠷᠬᠢᠰ ᠢ ᠣᠰᠠᠳᠬᠠᠬᠤ ᠲᠣᠰᠬᠠᠢ ᠲᠡᠮᠡᠴᠡᠯ ᠢ ᠥᠷᠨᠢᠭᠦᠯᠦᠭᠰᠡᠨ | ᠪᠠᠶᠢᠳᠠᠯ ᠢ ᠰᠣᠨᠣᠰᠬᠤ ᠶᠢᠨ ᠬᠠᠮᠲᠣ ᠮᠠᠨ ᠤ ᠰᠢᠶᠠᠨ ᠤ ᠬᠠᠷ᠎ᠠ ᠶᠢ ᠠᠷᠢᠯᠭᠠᠵᠣ ᠬᠠᠷᠬᠢᠰ ᠢ ᠣᠰᠠᠳᠬᠠᠬᠤ ᠲᠣᠰᠬᠠᠢ | ᠲᠡᠮᠡᠴᠡᠯ ᠤᠨ ᠠᠵᠢᠯ ᠢ ᠭᠦᠢᠴᠡᠳ ᠨᠣᠲᠠᠯᠠᠪᠠ᠃ ᠰᠢᠮᠳᠠᠭᠤᠯᠣᠨ ᠵᠢᠯᠣᠭᠤᠳᠬᠤ ᠳᠣᠭᠤᠶᠢᠯᠠᠩ ᠱᠠᠭᠠᠷᠳᠠᠭᠰᠠᠨ ᠨᠢ᠂ | ᠨᠢᠭᠡ ᠳᠤ ᠤᠭ ᠦᠨᠳᠦᠰᠦ ᠶᠢ ᠨᠢ ᠵᠠᠰᠠᠬᠤ ᠠᠷᠭ᠎ᠠ ᠪᠣᠳᠣᠯᠭ᠎ᠠ ᠶᠢ ᠢᠳᠡᠪᠬᠢᠲᠡᠢ ᠰᠦᠪᠡᠭᠴᠢᠯᠡᠵᠦ᠂ ᠲᠠᠩᠬᠠᠢ | ᠪᠣᠷᠣᠩᠬᠠᠢ ᠶᠢ ᠴᠢᠩᠭ᠎ᠠ ᠴᠡᠭᠴᠡᠯᠡᠨ ᠵᠠᠰᠠᠵᠣ᠂ ᠬᠠᠷ᠎ᠠ ᠬᠠᠷᠬᠢᠰ ᠬᠦᠴᠦᠨ ᠢ ᠡᠷᠲᠡ ᠴᠣᠬᠢᠵᠣ ᠪᠠᠭ᠎ᠠ ᠳᠡᠭᠡᠷ᠎ᠡ ᠨᠢ | ᠴᠣᠬᠢᠵᠣ᠂ ᠠᠰᠠᠭᠤᠳᠠᠯ ᠢ ᠣᠯᠵᠤ ᠮᠡᠳᠡᠪᠡᠯ ᠵᠣᠷᠢᠭ ᠲᠠᠢ ᠵᠢᠭᠠᠨ ᠭᠠᠷᠭᠠᠵᠣ᠂ ᠬᠡᠯᠡᠵᠦ ᠭᠠᠷᠭᠠᠬᠤ ᠬᠡᠷᠡᠭᠲᠡᠢ︔ | ᠬᠤᠶᠠᠷ ᠲᠤ ᠲᠠᠩᠬᠠᠢ ᠶᠢ ᠵᠠᠰᠠᠵᠣ ᠪᠣᠷᠣᠩᠬᠠᠢ ᠶᠢ ᠣᠰᠠᠳᠬᠠᠬᠤ ᠣᠷᠲᠣ ᠬᠤᠭᠤᠴᠠᠭᠠᠨ ᠤ ᠪᠦᠲᠦᠮᠵᠢ ᠪᠦᠬᠦᠢ | ᠲᠣᠭᠲᠠᠴᠠ ᠶᠢ ᠬᠠᠶᠢᠨ ᠰᠦᠪᠡᠭᠴᠢᠯᠡᠨ ᠪᠠᠶᠢᠭᠤᠯᠵᠣ᠂ ᠬᠠᠣᠯᠢ ᠴᠠᠭᠠᠵᠠ᠂ ᠵᠠᠰᠠᠭ ᠵᠠᠬᠢᠷᠭᠠᠨ ᠤ ᠠᠷᠭ᠎ᠠ ᠠᠪᠴᠠᠯ ᠢ | ᠰᠠᠶᠢᠲᠣᠷ ᠬᠡᠷᠡᠭᠯᠡᠬᠦ ᠮᠦᠷᠲᠡᠭᠡᠨ ᠪᠠᠰᠠ ᠰᠣᠷᠭᠠᠨ ᠬᠦᠮᠦᠵᠢᠭᠦᠯᠬᠦ᠂ ᠣᠶᠠᠷᠠᠭᠤᠯᠣᠨ ᠢᠳᠬᠠᠬᠠᠣ᠂ ᠪᠣᠲᠠᠲᠠᠢ | ᠬᠦᠴᠢᠷᠳᠡᠯ ᠢ ᠨᠢ ᠰᠢᠢᠳᠪᠦᠷᠢᠯᠡᠵᠦ ᠥᠭᠬᠦ ᠵᠡᠷᠭᠡ ᠠᠷᠭ᠎ᠠ ᠠᠪᠴᠠᠯ ᠢ ᠴᠦ ᠬᠠᠮᠲᠣ ᠳᠤᠨᠢ ᠠᠪᠴᠣ᠂ ᠪᠣᠵᠠᠭᠠᠶᠢᠷᠠᠭᠠ | ᠦᠭᠡᠢ ᠬᠠᠷ᠎ᠠ ᠪᠦᠯᠦᠭᠲᠡᠨ ᠬᠠᠷᠬᠢᠰ ᠬᠦᠴᠦᠨ ᠪᠣᠯᠣᠨ ᠪᠠᠭ᠎ᠠ ᠬᠡᠮᠵᠢᠶ᠎ᠡ ᠪᠠᠷ ᠬᠠᠭ᠋ᠣᠣᠯᠢ ᠢᠳᠡᠵᠦ ᠢᠯᠵᠠᠷᠠᠨ | ᠳᠣᠷᠣᠶᠢᠲᠠᠭᠰᠠᠨ ᠢ ᠠᠷᠢᠯᠭᠠᠬᠤ ᠬᠡᠷᠡᠭᠲᠡᠢ︔ ᠡᠯ᠎ᠡ ᠰᠠᠯᠠᠭ᠎ᠠ ᠮᠦᠴᠢᠷ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ | ᠭᠠᠳᠠᠨ᠎ᠠ ᠠᠴᠠ ᠢᠷᠡᠭᠰᠡᠨ ᠬᠦᠴᠦ ᠶᠠᠪᠣᠭᠴᠢ ᠶᠢᠨ ᠦᠵᠡᠯ ᠰᠠᠨᠠᠭ᠎ᠠ ᠰᠣᠷᠭᠠᠨ ᠬᠦᠮᠦᠵᠢᠯ ᠢ ᠴᠢᠩᠭᠠᠳᠬᠠᠵᠣ᠂ ᠬᠠᠷ᠎ᠠ | ᠪᠦᠯᠦᠭᠲᠡᠨ ᠬᠠᠷᠬᠢᠰ ᠬᠦᠴᠦᠨ ᠤ ᠪᠣᠢ ᠪᠣᠯᠬᠤ ᠡᠬᠢ ᠦᠨᠳᠦᠰᠦ ᠶᠢ ᠲᠠᠰᠣᠯᠵᠣ᠂ ︽ᠣᠭᠰᠠᠷᠠᠭ᠎ᠠ ᠴᠣᠬᠢᠯᠲᠠ︾ ᠶᠢ | ᠰᠠᠶᠢᠲᠣᠷ ᠬᠡᠷᠡᠭᠯᠡᠵᠦ᠂ ᠬᠠᠷ᠎ᠠ ᠶᠢ ᠠᠷᠢᠯᠭᠠᠵᠣ ᠬᠠᠷᠬᠢᠰ ᠢ ᠣᠰᠠᠳᠬᠠᠬᠤ ᠶᠢ ᠠᠮᠢ ᠠᠬᠤᠢ ᠣᠷᠴᠢᠨ ᠲᠣᠭᠤᠷᠢᠨ | ᠪᠣᠯᠣᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠣᠯᠬᠤ ᠯᠤᠭ᠎ᠠ ᠣᠶᠠᠯᠳᠣᠭᠤᠯᠵᠣ᠂ ᠶᠡᠭᠡ ᠬᠦᠴᠦᠨ᠂ ᠳᠡᠮ ᠲᠠᠢ ᠬᠦᠴᠦᠨ᠂ ᠨᠡᠶᠢᠯᠡᠮᠡᠯ ᠬᠦᠴᠦᠨ ᠢ | ᠬᠡᠷᠡᠭᠯᠡᠵᠦ᠂ ᠠᠵᠣ ᠠᠬᠤᠢ ᠨᠡᠶᠢᠭᠡᠮ ᠤᠨ ᠡᠯ᠎ᠡ ᠲᠠᠯ᠎ᠠ ᠶᠢᠨ ᠠᠵᠢᠯ ᠤᠨ ᠪᠦᠬᠦ ᠲᠠᠯ᠎ᠠ ᠪᠠᠷ ᠴᠢᠨᠠᠷ ᠰᠠᠶᠢᠲᠠᠢ | ᠬᠦᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃ | ᠴᠧᠩ ᠭᠤᠸᠠᠨ ᠪᠠᠯᠭᠠᠰᠣᠨ ᠤ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠨᠢᠭᠡ ᠳᠤ ᠥᠪᠡᠷᠲᠡᠭᠡᠨ ᠵᠠᠰᠠᠬᠤ | ᠣᠷᠣᠨ ᠤ ᠬᠠᠷ᠎ᠠ ᠶᠢ ᠠᠷᠢᠯᠭᠠᠵᠣ ᠬᠠᠷᠬᠢᠰ ᠢ ᠤᠰᠠᠳᠬᠠᠬᠤ ᠲᠣᠰᠬᠠᠢ ᠲᠡᠮᠡᠴᠡᠯ ᠤᠨ ᠨᠢᠭᠡᠳᠦᠭᠡᠷ ᠰᠢᠮᠳᠠᠭᠤᠯᠣᠨ | ᠵᠢᠯᠣᠭᠤᠳᠬᠤ ᠳᠣᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠬᠠᠮᠵᠢᠨ᠂ ᠨᠡᠩ ᠦᠨᠳᠦᠷ ᠵᠣᠭᠰᠣᠴᠠ᠂ ᠨᠡᠩ | ᠴᠢᠩᠭ᠎ᠠ ᠡᠷᠡᠮᠡᠬᠡᠢ ᠬᠦᠴᠦᠨ᠂ ᠨᠡᠩ ᠶᠡᠭᠡ ᠬᠦᠴᠦᠯᠡᠴᠡ ᠪᠠᠷ ᠬᠠᠷ᠎ᠠ ᠶᠢ ᠠᠷᠢᠯᠭᠠᠵᠣ ᠬᠠᠷᠬᠢᠰ ᠢ ᠤᠰᠠᠳᠬᠠᠬᠤ | ᠠᠵᠢᠯ ᠢ ᠥᠷᠨᠢᠭᠦᠯᠦᠨ᠎ᠡ︔ ᠬᠤᠶᠠᠷ ᠲᠤ ᠴᠣᠬᠢᠯᠲᠠ ᠥᠭᠬᠦ ᠬᠦᠴᠦᠯᠡᠴᠡ ᠢ ᠨᠡᠮᠡᠭᠳᠡᠭᠦᠯᠬᠦ ᠪᠠ ᠲᠦᠷᠥ ᠶᠢᠨ | ᠪᠣᠳᠣᠯᠭ᠎ᠠ ᠶᠢᠨ ᠬᠠᠣᠯᠢ ᠶᠢᠨ ᠵᠠᠭᠠᠭ ᠬᠢᠵᠠᠭᠠᠷ ᠢ ᠠᠳᠬᠤᠬᠤ ᠶᠢ ᠬᠠᠷᠢᠯᠴᠠᠨ ᠤᠶᠠᠯᠳᠤᠭᠤᠯᠵᠤ᠂ ᠥᠷᠭᠡᠨ ᠤᠯᠠᠨ | ᠲᠦᠮᠡᠨ ᠤ ᠢᠯᠡᠴᠢᠯᠡᠯᠲᠡ ᠬᠢᠬᠦ ᠶᠢ ᠳᠠᠶᠢᠴᠢᠯᠠᠨ᠂ ᠴᠢᠩᠭ᠎ᠠ ᠴᠣᠬᠢᠯᠲᠠ ᠥᠭᠴᠦ ᠵᠠᠰᠠᠨ ᠴᠡᠭᠴᠡᠯᠡᠬᠦ ᠶᠢ | ᠴᠢᠩᠭᠠᠳᠬᠠᠬᠤ ᠮᠦᠷᠲᠡᠭᠡᠨ ᠬᠠᠣᠯᠢ ᠶᠣᠰᠣᠭᠠᠷ ᠬᠡᠷᠡᠭ ᠢ ᠴᠢᠩᠭ᠎ᠠ ᠰᠢᠢᠳᠪᠦᠷᠢᠯᠡᠨ᠎ᠡ︔ ᠭᠤᠷᠪᠠ ᠳᠤ ᠬᠦᠳᠡᠭᠡ | ᠲᠣᠰᠬᠤᠨ ᠢ ᠵᠠᠰᠠᠬᠤ ᠪᠠ ᠵᠣᠬᠢᠶᠠᠨ ᠪᠠᠶᠢᠭᠤᠯᠣᠯᠲᠠ ᠶᠢᠨ ᠪᠦᠲᠦᠭᠡᠨ ᠪᠠᠶᠢᠭᠤᠯᠣᠯᠲᠠ ᠶᠢ ᠤᠶᠠᠯᠳᠤᠭᠤᠯᠵᠤ᠂ ᠨᠢᠭᠡᠨᠲᠡ | ᠬᠤᠭᠤᠴᠠᠭ᠎ᠠ ᠰᠣᠯᠢᠭᠰᠠᠨ ᠲᠣᠰᠬᠤᠨ ︵ᠨᠡᠶᠢᠭᠡᠮ ᠲᠣᠭᠤᠷᠢᠭ︶ ᠤᠨ ᠨᠠᠮ ᠤᠨ ᠵᠣᠬᠢᠶᠠᠨ ᠪᠠᠶᠢᠭᠤᠯᠣᠯᠲᠠ ᠳᠤ ︽ | ᠡᠷᠭᠢᠵᠦ ᠪᠣᠴᠠᠨ ᠦᠵᠡᠬᠦ︾ ᠶᠢ ᠥᠷᠨᠢᠭᠦᠯᠵᠦ᠂ ᠳᠣᠷᠣᠢ ᠪᠠᠭᠤᠷᠠᠢ ᠰᠣᠯᠠ ᠵᠠᠳᠠᠭᠠᠢ ᠨᠠᠮ ᠤᠨ ᠵᠣᠬᠢᠶᠠᠨ | ᠪᠠᠶᠢᠭᠤᠯᠣᠯᠲᠠ ᠶᠢ ᠴᠡᠭᠴᠡᠯᠡᠬᠦ ᠬᠦᠴᠦᠯᠡᠴᠡ ᠪᠠᠨ ᠦᠷᠭᠦᠯᠵᠢᠯᠡᠨ ᠴᠢᠩᠭᠠᠷᠠᠭᠤᠯᠵᠣ᠂ ᠬᠠᠷ᠎ᠠ ᠶᠢ ᠠᠷᠢᠯᠭᠠᠵᠣ | ᠬᠠᠷᠬᠢᠰ ᠢ ᠣᠰᠠᠳᠬᠠᠬᠤ ᠦᠨᠳᠦᠰᠦᠨ ᠱᠠᠲᠣᠨ ᠤ ᠰᠠᠭᠤᠷᠢ ᠶᠢ ᠪᠠᠲᠣᠵᠢᠭᠤᠯᠣᠨᠠ︔ ᠳᠦᠷᠪᠡ ᠳᠤ ᠪᠣᠰᠢᠭᠤ | ᠱᠠᠯᠠᠮᠠᠭᠠᠢ ᠪᠠᠶᠢᠬᠤ ᠪᠠ ᠣᠳᠠᠭᠠᠨ ᠴᠠᠭ ᠢᠶᠠᠷ ᠬᠦᠴᠦ ᠣᠷᠣᠭᠤᠯᠬᠤ ᠶᠢ ᠣᠶᠠᠯᠳᠣᠭᠤᠯᠵᠣ᠂ ︽ᠨᠢᠭᠡ ᠬᠡᠷᠡᠭ ᠢ | ᠭᠤᠷᠪᠠ ᠪᠠᠶᠢᠴᠠᠭᠠᠬᠤ︾ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠬᠤ ᠪᠠᠷ ᠪᠠᠷᠠᠬᠤ ᠦᠭᠡᠢ ᠣᠷᠲᠣ | ᠬᠤᠭᠤᠴᠠᠭᠠᠨ ᠤ ᠪᠦᠲᠦᠮᠵᠢ ᠪᠦᠬᠦᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠳᠡᠭᠡᠷ᠎ᠡ ᠴᠦ ᠬᠦᠴᠦ | ᠲᠠᠯᠪᠢᠬᠤ ᠬᠡᠷᠡᠭᠲᠡᠢ ᠭᠡᠵᠡᠢ᠃ |