ᠥᠴᠥᠭᠡᠳᠦᠷ᠂ ᠪᠦᠬᠦ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠭ᠎ᠠ ᠶᠢ | ᠲᠤᠰᠬᠠᠶᠢᠯᠠᠨ ᠴᠡᠭᠴᠡᠯᠡᠨ ᠵᠠᠰᠠᠵᠤ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠵᠤ᠂ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠭ᠎ᠠ ᠶᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠡᠯᠡᠵᠦ᠂ | ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠬᠡᠬᠤᠲᠠ ᠶᠢᠨ ᠠᠵᠤ ᠠᠬᠤᠢ | ᠮᠡᠷᠭᠡᠵᠢᠯ ᠤᠨ ᠲᠣᠭᠤᠷᠢᠭ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠣᠪᠴᠢᠶ᠎ᠠ ᠠᠴᠠ ᠥᠪᠡᠷ ᠤᠨ ᠬᠠᠷᠢᠶ᠎ᠠ | ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠭ᠎ᠠ ᠢ ᠴᠡᠭᠴᠡᠯᠡᠨ ᠵᠠᠰᠠᠬᠤ ᠠᠵᠢᠯ ᠤᠨ | ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠭᠠᠵᠠᠷ ᠣᠷᠣᠨ ᠦᠳᠲᠡᠷ ᠲᠦᠷᠭᠡᠨ | ᠬᠥᠳᠡᠯᠦᠯᠴᠡᠨ ᠣᠯᠠᠨ ᠪᠠᠶᠢᠭᠤᠯᠭ᠎ᠠ ᠨᠢᠭᠡᠴᠡ ᠬᠤᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠪᠠᠨ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠳᠠᠮᠨᠠᠵᠤ ᠬᠤᠯᠪᠣᠭᠠᠯᠠᠨ ᠬᠠᠤᠯᠢ ᠬᠡᠷᠡᠭᠵᠢᠭᠦᠯᠬᠦ ᠬᠦᠴᠦᠨ ᠢᠶᠠᠨ | ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠭ᠎ᠠ ᠶᠢ ᠴᠡᠭᠴᠡᠯᠡᠨ ᠵᠠᠰᠠᠬᠤ ᠪᠠᠨ | ᠲᠦᠷᠭᠡᠳᠬᠡᠨ ᠠᠬᠢᠭᠤᠯᠬᠤ ᠬᠡᠷᠡᠭᠲᠡᠢ᠃ ᠬᠢᠴᠢᠶᠡᠯ ᠲᠥᠷᠥᠯ ᠤᠨ ᠬᠠᠮᠢᠶ᠎ᠠ ᠲᠠᠢ ᠪᠣᠯᠪᠠᠰᠤᠷᠠᠭᠤᠯᠤᠯ ᠤᠨ | ᠪᠠᠶᠢᠭᠤᠯᠭ᠎ᠠ ᠳᠤ᠂ ᠪᠠᠷᠢᠮᠵᠢᠶ᠎ᠠ ᠳᠤ ᠨᠡᠶᠢᠴᠡᠭᠰᠡᠨ ᠢ ᠨᠢ ᠳᠠᠷᠤᠢ ᠲᠦᠷᠭᠡᠨ ᠬᠢᠨᠠᠨ ᠵᠥᠪᠰᠢᠶᠡᠷᠡᠵᠦ᠂ ᠪᠠᠷᠢᠮᠵᠢᠶ᠎ᠠ ᠳᠤ | ᠨᠡᠶᠢᠴᠡᠬᠦ ᠦᠭᠡᠢ ᠶᠢ ᠨᠢ ᠬᠠᠤᠯᠢ ᠶᠣᠰᠣᠭᠠᠷ ᠠᠵᠢᠯ ᠵᠣᠭᠰᠣᠭᠠᠨ ᠴᠡᠭᠴᠡᠯᠡᠵᠦ᠂ 2018 ᠣᠨ ᠤ ᠵᠢᠯ ᠤᠨ | ᠡᠴᠦᠰ ᠠᠴᠠ ᠡᠮᠦᠨ᠎ᠡ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠵᠦ᠂ ᠦᠨᠡᠮᠯᠡᠬᠦ ᠦᠭᠡᠢ ᠪᠠᠲᠤᠯᠠᠪᠤᠷᠢ ᠦᠭᠡᠢ ᠪᠠᠷ | ᠪᠣᠯᠪᠠᠰᠤᠷᠠᠭᠤᠯᠤᠯ ᠡᠷᠬᠢᠯᠡᠵᠦ ᠪᠠᠶᠢᠭ᠎ᠠ ᠪᠠᠶᠢᠭᠤᠯᠭ᠎ᠠ ᠪᠠᠶᠢᠵᠤ ᠪᠣᠯᠬᠤ ᠦᠭᠡᠢ ᠭᠡᠪᠡ᠃ ᠬᠤᠷᠠᠯ ᠤᠨ ᠳᠠᠷᠠᠭ᠎ᠠ᠂ | ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠲᠤᠩ | ᠠᠷᠠᠳ ᠤᠨ ᠲᠣᠭᠤᠷᠢᠭ᠂ ᠢᠦᠢ ᠴᠢᠦᠸᠠᠨ ᠲᠣᠭᠤᠷᠢᠭ ᠢᠶᠠᠷ ᠬᠦᠷᠴᠦ ᠲᠤᠬᠠᠢ ᠶᠢᠨ ᠭᠠᠵᠠᠷ ᠤᠳ ᠢᠶᠠᠷ ᠪᠠᠶᠢᠴᠠᠭᠠᠨ | ᠰᠣᠳᠣᠯᠪᠠ᠃ |