| | | 12 ᠳ᠋ᠤᠭᠠᠷ ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ401 ᠬᠤᠷᠠᠯ ᠤᠨ | ᠭᠡᠷ ᠲᠤ 2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠠᠨᠠᠯ ᠬᠤᠷᠢᠶᠠᠬᠤ ᠰᠠᠭᠤᠳᠠᠯ ᠤᠨ | ᠬᠤᠷᠠᠯ ᠢ ᠡᠷᠬᠢᠯᠡᠨ ᠬᠤᠷᠠᠯᠳᠣᠭᠤᠯᠪᠠ᠃ ᠠᠵᠢᠯ ᠠᠴᠠ ᠳᠠᠷᠬᠠᠯᠠᠭᠳᠠᠭᠰᠠᠨ ᠠᠵᠢᠯᠲᠠᠨ ᠤ ᠲᠦᠯᠦᠭᠡᠯᠡᠭᠴᠢ᠂ ︽ | ᠬᠤᠶᠠᠷ ᠲᠦᠯᠦᠭᠡᠯᠡᠭᠴᠢ ᠨᠢᠭᠡ ᠭᠡᠰᠢᠭᠦᠨ︾᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠦᠭᠵᠢᠭᠦᠯᠦᠯᠲᠡ | ᠥᠭᠡᠷᠡᠴᠢᠯᠡᠯᠲᠡ᠂ ᠠᠵᠣ ᠠᠬᠤᠢ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠦᠲᠦᠭᠡᠨ ᠪᠠᠶᠢᠭᠤᠯᠣᠯᠲᠠ᠂ | ᠲᠠᠷᠢᠶᠠᠯᠠᠩ ᠮᠠᠯ ᠠᠵᠣ ᠠᠬᠤᠢ ᠵᠡᠷᠭᠡ ᠰᠠᠯᠠᠭ᠎ᠠ ᠮᠦᠴᠢᠷ ᠪᠣᠯᠣᠨ ᠤᠯᠠᠨ ᠲᠦᠮᠡᠨ ᠪᠦᠯᠬᠦᠮ ᠵᠣᠬᠢᠶᠠᠨ | ᠪᠠᠶᠢᠭᠤᠯᠣᠯᠲᠠ ᠶᠢᠨ ᠬᠠᠷᠢᠭᠤᠴᠠᠯᠭᠠᠲᠠᠳ᠂ ︽ᠢᠯᠡᠳᠬᠡᠯ︾ ᠢ ᠲᠣᠭᠤᠷᠪᠢᠬᠤ ᠬᠦᠮᠦᠰ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠢᠯᠡᠳᠬᠡᠯ ᠢ ᠭᠠᠷᠳᠠᠨ ᠪᠢᠴᠢᠬᠦ ᠬᠦᠮᠦᠨ 2019 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠲᠣᠭᠤᠷᠪᠢᠨ ᠪᠢᠴᠢᠬᠦ ᠪᠠᠶᠢᠳᠠᠯ ᠢ ᠲᠣᠳᠣᠷᠬᠠᠶᠢᠯᠠᠵᠣ᠂ ᠬᠤᠷᠠᠯ ᠳᠤ ᠣᠷᠣᠯᠴᠠᠭᠰᠠᠨ ᠬᠦᠮᠦᠰ | ᠮᠠᠨ ᠤ ᠰᠢᠶᠠᠨ ᠤ ᠪᠣᠲᠠᠲᠠᠢ ᠳᠤ ᠰᠠᠭᠤᠷᠢᠯᠠᠵᠣ᠂ ᠯᠣᠲᠣ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠠᠵᠣ | ᠠᠬᠤᠢ ᠶᠢ ᠴᠢᠨᠠᠷ ᠰᠠᠶᠢᠲᠠᠢ ᠬᠦᠭᠵᠢᠭᠦᠯᠬᠦ ᠶᠢ ᠲᠦᠯᠬᠢᠨ ᠠᠬᠢᠭᠤᠯᠬᠤ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ᠂ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ᠂ ᠬᠦᠳᠡᠭᠡ ᠲᠣᠰᠬᠤᠨ ᠤ ᠠᠵᠣ | ᠦᠢᠯᠡᠰ ᠢ ᠬᠦᠭᠵᠢᠭᠦᠯᠦᠨ ᠮᠠᠨᠳᠣᠭᠤᠯᠬᠤ ᠵᠡᠷᠭᠡ ᠲᠠᠯ᠎ᠠ ᠪᠠᠷ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠣᠷᠠᠳᠪᠠ᠃ | ᠵᠠᠩ ᠯᠢᠨ ᠯᠢᠨ ᠰᠢᠶᠠᠨ ᠤ ᠵᠠᠰᠠᠭ ᠤᠨ ᠣᠷᠳᠣᠨ ᠢ ᠲᠦᠯᠦᠭᠡᠯᠡᠵᠦ᠂ ᠠᠵᠢᠯ ᠠᠴᠠ ᠳᠠᠷᠬᠠᠯᠠᠭᠳᠠᠭᠰᠠᠨ | ᠠᠵᠢᠯᠲᠠᠨ ᠪᠣᠯᠣᠨ ᠡᠯ᠎ᠡ ᠲᠦᠯᠦᠭᠡᠯᠡᠭᠴᠢ ᠳᠤ ᠵᠠᠰᠠᠭ ᠤᠨ ᠣᠷᠣᠨ ᠤ ᠠᠵᠢᠯ ᠢ ᠳᠡᠮᠵᠢᠵᠦ᠂ ᠬᠤᠷᠢᠨᠭᠡᠷ ᠰᠢᠶᠠᠨ ᠤ | ᠬᠦᠭᠵᠢᠯᠲᠡ ᠶᠢ ᠬᠠᠯᠠᠮᠵᠢᠯᠠᠵᠣ ᠪᠠᠶᠢᠭ᠎ᠠ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠬᠦ ᠶᠢᠨ ᠬᠠᠮᠲᠣ ᠭᠤᠷᠪᠠᠨ | ᠲᠠᠯ᠎ᠠ ᠶᠢᠨ ᠪᠣᠲᠠᠲᠠᠢ ᠱᠠᠭᠠᠷᠳᠠᠯᠭ᠎ᠠ ᠳᠣᠷᠠᠳᠪᠠ᠂ ᠨᠢᠭᠡ ᠳᠤ ︽2019 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ︿ᠰᠠᠨᠠᠯ ᠬᠤᠷᠢᠶᠠᠭᠰᠠᠨ ᠡᠬᠡ ᠨᠣᠣᠷᠠᠭ﹀︾ ᠢ ᠵᠠᠷᠴᠢᠮ ᠳᠡᠭᠡᠷ᠎ᠡ ᠪᠠᠨ ᠪᠠᠲᠣᠯᠠᠵᠣ᠂ ᠬᠤᠷᠠᠯ | ᠳᠤ ᠣᠷᠣᠯᠴᠠᠭᠰᠠᠨ ᠬᠦᠮᠦᠰ ᠤᠨ ᠰᠠᠨᠠᠯ ᠰᠠᠨᠠᠭᠤᠯᠭ᠎ᠠ ᠮᠠᠰᠢ ᠴᠢᠩᠭ᠎ᠠ ᠵᠢᠯᠣᠭᠤᠳᠣᠮᠵᠢ ᠶᠢᠨ ᠴᠢᠨᠠᠷ ᠪᠣᠯᠣᠨ | ᠬᠠᠨᠳᠣᠯᠭᠠᠲᠣ ᠴᠢᠨᠠᠷ ᠲᠠᠢ ᠪᠠᠶᠢᠵᠣ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ | ᠬᠤᠷᠠᠯ ᠤᠨ ᠳᠠᠷᠠᠭ᠎ᠠ ᠬᠦᠮᠦᠰ ᠢ ᠵᠣᠬᠢᠶᠠᠨ ᠪᠠᠶᠢᠭᠤᠯᠵᠣ᠂ ᠨᠠᠷᠢᠨ ᠬᠢᠨᠠᠮᠠᠭᠠᠢ ᠡᠮᠬᠢᠯᠡᠨ ᠰᠣᠳᠣᠯᠵᠣ᠂ ᠢᠯᠡᠳᠬᠡᠯ ᠤᠨ | ᠠᠭᠤᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠯᠡᠳᠬᠡᠯ ᠤᠨ ᠪᠦᠲᠦᠴᠡ ᠶᠢ ᠨᠡᠩ | ᠵᠣᠬᠢᠮᠵᠢᠲᠠᠢ᠂ ᠠᠭᠤᠯᠭ᠎ᠠ ᠶᠢ ᠨᠢ ᠨᠡᠩ ᠭᠦᠢᠴᠡᠳ᠂ ᠭᠢᠯᠠᠰ ᠴᠢᠭ ᠶᠢ ᠨᠢ ᠨᠡᠩ ᠳᠣᠪᠣᠶᠢᠮ᠎ᠠ᠂ ᠠᠷᠭ᠎ᠠ ᠠᠪᠴᠠᠯ ᠢ ᠨᠢ | ᠨᠡᠩ ᠪᠣᠲᠠᠲᠠᠢ ᠪᠣᠯᠭᠠᠵᠣ᠂ ᠪᠦᠯᠬᠦᠮᠳᠡᠨ ᠨᠢᠭᠲᠠᠷᠠᠭᠤᠯᠵᠣ᠂ ᠬᠦᠬᠢᠭᠦᠯᠦᠨ ᠵᠣᠷᠢᠭᠵᠢᠭᠤᠯᠵᠣ᠂ ᠬᠦᠭᠵᠢᠯᠲᠡ ᠶᠢ | ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠬᠤᠶᠠᠷ ᠲᠤ ᠢᠯᠡᠳᠬᠡᠯ ᠢ ᠲᠣᠭᠤᠷᠪᠢᠬᠤ | ᠳᠣᠭᠤᠶᠢᠯᠠᠩ ᠤᠨ ᠬᠦᠮᠦᠰ ᠪᠦᠬᠦ ᠭᠡᠰᠢᠭᠦᠳ ᠤᠨ ᠬᠤᠷᠠᠯ ᠤᠨ ᠮᠡᠳᠡᠭᠦᠯᠦᠯᠲᠡ ᠶᠢ ᠨᠠᠷᠢᠯᠢᠭ ᠣᠩᠰᠢᠨ ᠰᠣᠳᠣᠯᠵᠣ᠂ | ᠪᠦᠬᠦ ᠭᠡᠰᠢᠭᠦᠳ ᠤᠨ ᠬᠤᠷᠠᠯ ᠤᠨ ᠮᠡᠳᠡᠭᠦᠯᠦᠯᠲᠡ ᠳᠣᠲᠣᠷᠠᠬᠢ ᠵᠠᠷᠢᠮ ᠰᠢᠨ᠎ᠡ ᠳᠣᠷᠠᠳᠣᠯᠭ᠎ᠠ᠂ ᠰᠢᠨ᠎ᠡ | ᠦᠭᠦᠯᠡᠯᠲᠡ ᠶᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠲᠠᠢ ᠠᠳᠠᠯᠢᠬᠠᠨ ᠪᠠᠶᠢᠬᠤ ᠶᠢ ᠪᠠᠲᠣᠯᠠᠬᠤ ᠬᠡᠷᠡᠭᠲᠡᠢ︔ | ᠭᠤᠷᠪᠠ ᠳᠤ ᠢᠯᠡᠳᠬᠡᠯ ᠢ ᠲᠣᠭᠤᠷᠪᠢᠬᠤ ᠳᠣᠭᠤᠶᠢᠯᠠᠩ ᠨᠢ ᠡᠳ᠋ ᠤᠨ ᠵᠠᠰᠠᠭ᠂ ᠠᠵᠣ ᠠᠬᠤᠢ ᠮᠡᠳᠡᠭᠡ | ᠵᠠᠩᠭᠢᠴᠢᠯᠠᠯᠲᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠦᠴᠢᠷ ᠲᠠᠢ ᠬᠠᠮᠲᠣ ᠢᠯᠡᠳᠬᠡᠯ ᠳᠣᠮᠳᠠᠬᠢ ᠬᠤᠯᠪᠣᠭᠳᠠᠯ | ᠪᠦᠬᠦᠢ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠬᠠᠷᠭᠤᠭᠤᠯᠣᠨ ᠪᠠᠶᠢᠴᠠᠭᠠᠵᠣ᠂ ᠵᠥᠪ ᠣᠨᠣᠪᠴᠢᠲᠠᠢ | ᠪᠠᠶᠢᠬᠤ ᠶᠢ ᠪᠠᠲᠣᠯᠠᠬᠤ ᠬᠡᠷᠡᠭᠲᠡᠢ ᠭᠡᠪᠡ᠃ |