ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠠᠴᠠ ᠲᠥᠷᠥ ᠶᠢᠨ ᠪᠣᠳᠣᠯᠭ᠎ᠠ ᠲᠣᠭᠲᠠᠭᠠᠵᠤ ᠬᠥᠬᠡᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2018/12/27
ᠵᠣᠴᠢᠨ᠄ ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠰᠦᠨ ᠲᠣᠣ᠂ ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ ᠥᠭᠡᠷᠡᠴᠢᠯᠡᠯᠲᠡ ᠶᠢᠨ ᠠᠯᠪᠠᠨ ᠭᠡᠷ ᠤᠨ ᠬᠠᠷᠢᠭᠤᠴᠠᠯᠭᠠᠲᠠᠨ ᠯᠢ ᠭᠦᠢ ᠰᠢᠶᠠᠨ
     ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠥᠯᠵᠢᠶ᠎ᠡ ᠪᠠ  ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ ᠠᠴᠠ ᠬᠠᠮᠲᠤᠷᠠᠭᠰᠠᠨ ᠡᠷᠬᠢᠯᠡᠪᠡ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠮᠠᠨ ᠤ ᠰᠡᠳᠦᠪ ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ  ᠃            ﹇ᠬᠥᠲᠥᠯᠥᠭᠴᠢ﹈ ᠶᠡᠷᠦᠩᠬᠡᠢ ᠱᠦᠵᠢ ᠰᠢ ᠶᠢᠨ ᠫᠢᠩ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠴᠢᠬᠤᠯᠠ ᠶᠠᠷᠢᠶ᠎ᠠ ᠬᠢᠭᠰᠡᠨ ᠤ ᠳᠠᠷᠠᠭᠠᠬᠠᠨ᠂ ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠡᠷᠡ ᠳᠠᠷᠤᠶᠢᠬᠠᠨ ᠬᠠᠷᠢᠭᠤ ᠲᠤᠰᠬᠠᠵᠤ᠂ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ 16 ᠠᠷᠭ᠎ᠠ ᠬᠡᠮᠵᠢᠶ᠎ᠡ ᠶᠢ ᠨᠡᠶᠢᠲᠡᠯᠡᠪᠡ᠃ ᠣᠷᠴᠢᠮ ᠤᠨ ᠵᠢᠯ ᠠᠴᠠ ᠨᠠᠭᠠᠰᠢ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠯᠡᠨ ᠲᠦᠷᠭᠡᠳᠬᠡᠵᠦ᠂ ᠶᠠᠪᠤᠳᠠᠯ ᠤᠨ ᠳᠤᠮᠳᠠ ᠶᠠᠪᠤᠳᠠᠯ ᠤᠨ ᠬᠤᠶᠢᠨᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠣ᠂ ᠬᠠᠤᠯᠢ ᠬᠡᠷᠡᠭᠵᠢᠭᠦᠯᠬᠦ ᠠᠷᠭ᠎ᠠ ᠪᠠᠷᠢᠯ ᠳᠤ ᠪᠠᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢᠨ ᠡᠯ᠎ᠡ ᠲᠥᠷᠥᠯ ᠤᠨ ᠠᠵᠢᠯ ᠳᠤ ᠢᠯᠡᠷᠬᠡᠢ ᠠᠮᠵᠢᠯᠲᠠ ᠣᠯᠪᠠ᠃      ﹇ᠬᠥᠲᠥᠯᠥᠭᠴᠢ﹈ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠥᠭᠵᠢᠭᠦᠯᠦᠨ ᠬᠦᠴᠦᠷᠬᠡᠭᠵᠢᠭᠦᠯᠬᠦ ᠡᠨᠡ 16 ᠵᠤᠷᠪᠤᠰ ᠰᠠᠨᠠᠯ ᠶᠢ ᠬᠡᠵᠢᠶ᠎ᠡ ᠨᠡᠶᠢᠲᠡᠯᠡᠭᠰᠡᠨ ᠪᠤᠢ︖       ﹇ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠰᠦᠨ ᠲᠣᠣ﹈ ᠶᠡᠷᠦᠩᠬᠡᠢ ᠱᠦᠵᠢ ᠰᠢ  ᠶᠢᠨ ᠫᠢᠩ ᠨᠡᠶᠢᠲᠡ ᠶᠢᠨ ᠪᠤᠰᠤ ᠥᠮᠴᠢᠯᠡᠯ ᠤᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠴᠢᠬᠤᠯᠠ ᠶᠠᠷᠢᠶ᠎ᠠ ᠬᠢᠭᠰᠡᠨ ᠤ ᠳᠠᠷᠠᠭᠠᠬᠠᠨ᠂ ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠡᠷᠡ ᠳᠠᠷᠤᠶᠢᠬᠠᠨ ᠬᠠᠷᠢᠭᠤ ᠲᠤᠰᠬᠠᠵᠤ᠂ 11 ᠳ᠋ᠦ᠋ᠭᠡᠷ ᠰᠠᠷ᠎ᠠ ᠶᠢᠨ 21 ᠤ ᠡᠳᠦᠷ ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠬᠦᠴᠦᠷᠬᠡᠭᠵᠢᠬᠦ ᠶᠢ ᠳᠡᠮᠵᠢᠬᠦ ᠰᠠᠨᠠᠯ ᠤᠳ ᠢ ᠨᠡᠶᠢᠲᠡᠯᠡᠵᠦ᠂ ᠳᠠᠷᠠᠭ᠎ᠠ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠮᠠᠨ ᠤ ᠬᠤᠲᠠ ᠶᠢᠨ ᠡᠵᠡᠩᠨᠡᠯᠲᠡ ᠬᠤᠳᠠᠯᠳᠤᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠡᠵᠡᠩᠨᠡᠬᠦ ᠢᠲᠡᠭᠡᠯ ᠵᠣᠷᠢᠭ ᠢ ᠬᠥᠪᠴᠢᠯᠡᠵᠦ᠂ ᠲᠡᠳᠡᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠡᠷᠴᠢᠮᠯᠡᠵᠦ᠂ ᠪᠦᠬᠦ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠲᠠᠰᠤᠷᠠᠯᠲᠠ ᠦᠭᠡᠢ ᠬᠥᠭᠵᠢᠨ ᠬᠦᠴᠦᠷᠬᠡᠭᠵᠢᠬᠦ ᠶᠢ ᠪᠠᠲᠤᠯᠠᠨ᠎ᠠ᠃      ﹇ᠬᠥᠲᠥᠯᠥᠭᠴᠢ﹈ ᠡᠳᠡᠭᠡᠷ ᠰᠠᠨᠠᠯ ᠨᠢ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠳᠤ ᠲᠦᠷᠭᠡᠳᠬᠡᠬᠦ ᠦᠢᠯᠡᠳᠦᠯ ᠦᠵᠡᠭᠦᠯᠬᠦ ᠨᠢ ᠳᠠᠮᠵᠢᠭ ᠦᠭᠡᠢ᠂ ᠡᠨᠡ 16 ᠵᠤᠷᠪᠤᠰ ᠰᠠᠨᠠᠯ ᠳᠤ ᠶᠠᠮᠠᠷ ᠶᠠᠮᠠᠷ ᠪᠣᠳᠠᠲᠤ ᠠᠭᠤᠯᠭ᠎ᠠ ᠪᠠᠶᠢᠬᠤ ᠶᠢ ᠶᠠᠷᠢᠵᠤ ᠥᠭᠭᠦᠨ᠎ᠡ ᠦᠦ︖       ﹇ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ ᠥᠭᠡᠷᠡᠴᠢᠯᠡᠯᠲᠡ ᠶᠢᠨ ᠠᠯᠪᠠᠨ ᠭᠡᠷ ᠤᠨ ᠬᠠᠷᠢᠭᠤᠴᠠᠯᠭᠠᠲᠠᠨ ᠯᠢ ᠭᠦᠢ ᠰᠢᠶᠠᠨ﹈  ︽ᠰᠠᠨᠠᠯ︾ ᠤᠨ ᠪᠦᠬᠦᠯᠢ ᠨᠡᠷ᠎ᠡ ᠨᠢ  ︽ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠠᠴᠠ ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠬᠦᠴᠦᠷᠬᠡᠭᠵᠢᠬᠦ ᠶᠢ ᠳᠡᠮᠵᠢᠬᠦ ᠰᠠᠨᠠᠯ ᠤᠳ︾ ᠪᠣᠯᠣᠨ᠎ᠠ᠃ ᠰᠠᠨᠠᠯ ᠨᠢ ᠪᠣᠳᠠᠲᠠᠢ ᠳᠤ   ﹇ᠣᠷᠣᠬᠤ ᠶᠢ ᠵᠥᠪᠰᠢᠶᠡᠷᠡᠬᠦ᠂ ᠬᠢᠨᠠᠨ ᠬᠠᠮᠢᠶᠠᠷᠬᠤ᠂ ᠦᠢᠯᠡᠴᠢᠯᠡᠬᠦ﹈ ᠭᠤᠷᠪᠠᠨ ᠲᠠᠯ᠎ᠠ ᠪᠠᠷ ᠠᠷᠠᠳ ᠤᠨ ᠡᠷᠬᠢᠯᠡᠭᠰᠡᠨ ᠰᠢᠯᠢᠳᠡᠭ ᠰᠠᠶᠢᠨ ᠠᠵᠤ ᠠᠬᠤᠶᠢᠯᠠᠯ ᠤᠨ ᠣᠷᠣᠬᠤ ᠶᠢ ᠵᠥᠪᠰᠢᠶᠡᠷᠡᠵᠦ᠂ ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠢ ᠴᠣᠭᠴᠠᠯᠠᠵᠤ᠂ ᠦᠰᠦᠨ ᠪᠣᠶᠢᠵᠢᠬᠤ ᠶᠢ ᠨᠡᠶᠢᠳᠡᠮ ᠬᠠᠷᠠᠭᠠᠯᠵᠠᠭᠰᠠᠨ ᠦᠢᠯᠡᠰ ᠪᠦᠲᠦᠭᠡᠵᠦ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠴᠣᠭᠴᠠᠯᠠᠨ᠎ᠠ᠃      ᠰᠠᠨᠠᠯ ᠤᠨ ᠨᠢᠭᠡᠳᠦᠭᠡᠷ ᠬᠡᠰᠡᠭ ᠲᠤ ᠭᠤᠣᠯᠳᠠᠭᠤ ᠬᠤᠳᠠᠯᠳᠤᠭᠠᠨ ᠤ ᠶᠠᠪᠤᠳᠠᠯ ᠤᠨ ᠳᠦᠷᠢᠮ ᠲᠣᠭᠲᠠᠭᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠩᠰᠠᠯᠠᠭᠤᠯᠵᠤ ᠪᠦᠷᠢᠳᠬᠡᠭᠦᠯᠬᠦ ᠶᠢ ᠠᠬᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠲᠠᠯ᠎ᠠ ᠪᠠᠷ᠂ ᠠᠵᠤ ᠠᠬᠤᠶᠢᠯᠠᠯ ᠳᠤ ᠨᠡᠩ ᠳᠥᠭᠦᠮ ᠲᠥᠳᠡ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠬᠠᠩᠭᠠᠨ᠎ᠠ᠂ ᠪᠢᠳᠠᠨ ᠤ ᠠᠪᠤᠭᠰᠠᠨ ᠪᠣᠳᠠᠲᠠᠢ ᠠᠷᠭ᠎ᠠ ᠬᠡᠮᠵᠢᠶ᠎ᠡ᠄      ᠨᠢᠭᠡ᠂  ﹇ᠭᠡᠷᠡᠴᠢ ᠪᠠᠲᠤᠯᠠᠪᠤᠷᠢ ᠶᠢ ᠰᠠᠯᠭᠠᠬᠤ﹈ ᠥᠭᠡᠷᠡᠴᠢᠯᠡᠯᠲᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠢ᠂ ᠪᠦᠬᠦ ᠬᠤᠲᠠ ᠶᠢᠨ ᠬᠡᠪᠴᠢᠶᠡᠨ ᠳᠤ ᠠᠵᠤ ᠠᠬᠤᠶᠢᠯᠠᠯ ᠲᠠᠢ ᠬᠤᠯᠪᠣᠭᠳᠠᠬᠤ ᠨᠢᠭᠡᠳᠦᠭᠡᠷ ᠪᠦᠯᠦᠭ 106 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠳᠤ ᠬᠢᠨᠠᠨ ᠵᠥᠪᠰᠢᠶᠡᠷᠡᠬᠦ ᠶᠢ ᠰᠢᠭᠤᠳ ᠦᠭᠡᠶᠢᠰᠬᠡᠬᠦ᠂ ᠬᠢᠨᠠᠨ ᠵᠥᠪᠰᠢᠶᠡᠷᠡᠬᠦ ᠶᠢ ᠳᠠᠩᠰᠠᠯᠠᠬᠤ ᠪᠠᠷ ᠥᠭᠡᠷᠡᠴᠢᠯᠡᠬᠦ᠂ ᠮᠡᠳᠡᠭᠳᠡᠵᠦ ᠠᠮᠠᠯᠠᠬᠤ᠂ ᠣᠷᠣᠬᠤ ᠶᠢ ᠵᠥᠪᠰᠢᠶᠡᠷᠡᠬᠦ ᠶᠢ ᠰᠠᠶᠢᠵᠢᠷᠠᠭᠤᠯᠬᠤ ᠦᠢᠯᠡᠴᠢᠯᠡᠭᠡ ᠵᠡᠷᠭᠡ 4 ᠠᠷᠭ᠎ᠠ ᠪᠠᠷᠢᠯ ᠢᠶᠠᠷ ﹇ᠭᠡᠷᠡᠴᠢ ᠪᠠᠲᠤᠯᠠᠪᠤᠷᠢ ᠶᠢ ᠰᠠᠯᠭᠠᠬᠤ﹈ ᠥᠭᠡᠷᠡᠴᠢᠯᠡᠯᠲᠡ ᠶᠢ ᠬᠡᠷᠡᠭᠵᠢᠭᠦᠯᠪᠡ᠃      ᠬᠤᠶᠠᠷ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠠᠰᠢᠭᠯᠠᠮᠵᠢ ᠶᠢ ᠶᠡᠬᠡᠪᠡᠷ ᠳᠡᠭᠡᠭᠰᠢᠯᠡᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠳᠣᠷᠬᠠᠶᠢᠯᠠᠭᠰᠠᠨ ᠠᠵᠤ ᠠᠬᠤᠶᠢᠯᠠᠯ ᠨᠡᠭᠡᠭᠡᠨ ᠡᠷᠬᠢᠯᠡᠬᠦ ᠬᠤᠭᠤᠴᠠᠭ᠎ᠠ ᠶᠢ 8.5 ᠠᠵᠢᠯ ᠤᠨ ᠡᠳᠦᠷ ᠪᠣᠯᠲᠠᠯ᠎ᠠ ᠪᠠᠭᠠᠰᠬᠠᠬᠤ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠠᠵᠢᠯ ᠤᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠬᠤ ᠬᠤᠭᠤᠴᠠᠭ᠎ᠠ ᠶᠢ 5 ᠠᠵᠢᠯ ᠤᠨ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠵᠤ᠂ ᠡᠭᠦᠨ ᠤ ᠳᠣᠲᠣᠷ᠎ᠠ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠲᠥᠷᠥᠯ ᠵᠦᠢᠯ ᠢ ᠭᠦᠢᠴᠡᠳᠬᠡᠬᠦ ᠳᠤ 3 ᠠᠵᠢᠯ ᠤᠨ ᠡᠳᠦᠷ ᠢ ᠬᠡᠲᠦᠷᠡᠭᠦᠯᠵᠦ ᠪᠣᠯᠬᠤ ᠦᠭᠡᠢ᠂ ᠲᠠᠮᠠᠭ᠎ᠠ ᠰᠡᠶᠢᠯᠦᠬᠦ ᠳᠤ 1 ᠠᠵᠢᠯ ᠤᠨ ᠡᠳᠦᠷ ᠢ ᠬᠡᠲᠦᠷᠡᠭᠦᠯᠵᠦ ᠪᠣᠯᠬᠤ ᠦᠭᠡᠢ᠂ ᠪᠠᠷᠢᠮᠲᠠ ᠶᠢᠨ ᠬᠠᠭᠤᠳᠠᠰᠤ ᠭᠤᠶᠣᠴᠢᠯᠠᠵᠤ ᠠᠪᠬᠤ ᠳᠤ 1 ᠠᠵᠢᠯ ᠤᠨ ᠡᠳᠦᠷ ᠢ ᠬᠡᠲᠦᠷᠡᠭᠦᠯᠵᠦ ᠪᠣᠯᠬᠤ ᠦᠭᠡᠢ ᠪᠠᠷ ᠲᠣᠭᠲᠠᠭᠠᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ  ﹇ᠬᠤᠷᠳᠤᠳᠬᠠᠯ﹈ ᠤᠨ ᠪᠠᠶᠢᠷᠢᠰᠢᠭᠤᠯᠤᠯᠲᠠ ᠶᠢ ᠪᠤᠢ ᠪᠣᠯᠭᠠᠪᠠ᠃      ᠭᠤᠷᠪᠠ᠂ ᠠᠵᠤ ᠠᠬᠤᠶᠢᠯᠠᠯ ᠥᠪᠡᠷ ᠢᠶᠠᠨ ᠨᠡᠷᠡᠶᠢᠳᠦᠯ ᠰᠣᠩᠭᠤᠨ ᠵᠥᠪᠰᠢᠶᠡᠷᠡᠭᠦᠯᠬᠦ ᠳᠦᠷᠢᠮ ᠢ ᠬᠡᠷᠡᠭᠵᠢᠭᠦᠯᠪᠡ᠃ ᠪᠦᠬᠦ ᠬᠤᠲᠠ ᠶᠢᠨ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠨᠡᠶᠢᠭᠡᠮ ᠨᠡᠶᠢᠲᠡ ᠳᠤ ᠪᠦᠬᠦ ᠲᠠᠯ᠎ᠠ ᠪᠠᠷ ᠨᠡᠶᠢᠲᠡᠯᠡᠵᠦ᠂ ᠠᠵᠤ ᠠᠬᠤᠶᠢᠯᠠᠯ ᠤᠨ ᠨᠡᠷᠡᠶᠢᠳᠦᠯ ᠤᠨ ᠡᠬᠢ ᠪᠠᠶᠠᠯᠢᠭ ᠢ ᠴᠢᠯᠦᠭᠡᠲᠡᠢ ᠲᠠᠯᠪᠢᠵᠤ᠂ ᠠᠵᠤ ᠠᠬᠤᠶᠢᠯᠠᠯ ᠤᠨ ᠨᠡᠷᠡᠶᠢᠳᠦᠯ ᠢ ᠳᠠᠩᠰᠠᠯᠠᠵᠤ ᠬᠠᠮᠢᠶᠠᠷᠬᠤ ᠥᠭᠡᠷᠡᠴᠢᠯᠡᠯᠲᠡ ᠶᠢ ᠠᠬᠢᠭᠤᠯᠪᠠ᠃      ᠳᠥᠷᠪᠡ᠂ ᠠᠵᠤ ᠠᠬᠤᠶᠢᠯᠠᠯ ᠤ ᠡᠵᠡᠩᠨᠡᠯᠲᠡ ᠶᠢᠨ ᠬᠢᠵᠠᠭᠠᠷᠯᠠᠯ ᠢ ᠪᠠᠭᠠᠰᠬᠠᠪᠠ᠃ ᠠᠵᠤ ᠠᠬᠤᠶᠢᠯᠠᠯ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠰᠢᠨ᠎ᠡ ᠪᠠᠷ ᠪᠣᠢ ᠪᠣᠯᠣᠭᠰᠠᠨ ᠠᠵᠢᠯ ᠲᠥᠷᠥᠯ ᠢ ᠲᠣᠳᠣᠳᠬᠠᠬᠤ ᠦᠭᠡ ᠪᠠᠷ ᠲᠣᠳᠣᠷᠬᠠᠶᠢᠯᠠᠬᠤ ᠶᠢ ᠳᠡᠮᠵᠢᠪᠡ᠃      ᠲᠠᠪᠤ᠂ ᠠᠵᠤ ᠠᠬᠤᠶᠢᠯᠠᠯ ᠤᠨ ᠪᠠᠶᠢᠭ᠎ᠠ ᠭᠠᠵᠠᠷ  ︵ᠡᠵᠡᠩᠨᠡᠯᠲᠡ ᠶᠢᠨ ᠭᠠᠵᠠᠷ︶ ᠢᠶᠠᠨ ᠠᠮᠠᠯᠠᠨ ᠮᠡᠳᠡᠭᠦᠯᠬᠦ ᠳᠦᠷᠢᠮ ᠢ ᠲᠤᠷᠰᠢᠨ ᠬᠡᠷᠡᠭᠵᠢᠭᠦᠯᠪᠡ᠃ ᠭᠤᠶᠤᠴᠢᠯᠠᠭᠴᠢ ᠠᠴᠠ  ﹇ᠪᠠᠶᠢᠭ᠎ᠠ ᠭᠠᠵᠠᠷ  ︵ᠡᠵᠡᠩᠨᠡᠯᠲᠡ ᠶᠢᠨ ᠭᠠᠵᠠᠷ︶  ᠤᠨ ᠰᠤᠷᠠᠭ ᠵᠠᠩᠭᠢ ᠶᠢ ᠮᠡᠳᠡᠭᠦᠯᠬᠦ ᠬᠦᠰᠦᠨᠦᠭᠲᠦ﹈ ᠪᠠᠨ ᠲᠤᠰᠢᠶᠠᠵᠤ᠂ ᠦᠨᠡᠨ ᠪᠣᠳᠠᠲᠤ ᠴᠢᠨᠠᠷ ᠲᠤ ᠠᠮᠠᠯᠠᠯᠲᠠ ᠬᠢᠭᠰᠡᠨ ᠪᠠᠶᠢᠳᠠᠯ ᠳᠣᠣᠷ᠎ᠠ᠂ ᠲᠦᠷᠢᠶᠡᠰᠦᠨ ᠭᠡᠷᠡᠴᠢ ᠪᠠᠷᠢᠮᠲᠠ ᠵᠡᠷᠭᠡ ᠬᠡᠷᠡᠭᠯᠡᠬᠦ ᠡᠷᠬᠡ ᠶᠢᠨ ᠭᠡᠷᠡᠴᠢ ᠮᠠᠲ᠋ᠧᠷᠢᠶᠠᠯ ᠢ ᠲᠤᠰᠢᠶᠠᠬᠤ ᠦᠭᠡᠢ ᠪᠠᠶᠢᠵᠤ ᠪᠣᠯᠬᠤ ᠶᠢ ᠲᠤᠷᠰᠢᠨ ᠬᠡᠷᠡᠭᠵᠢᠭᠦᠯᠦᠨ᠎ᠡ᠃ ᠲᠤᠷᠰᠢᠯᠭ᠎ᠠ ᠪᠣᠯᠪᠠᠰᠤᠷᠠᠩᠭᠤᠢ ᠪᠣᠯᠣᠭᠰᠠᠨ ᠤ ᠰᠡᠭᠦᠯᠡᠷ ᠪᠦᠬᠦ ᠬᠤᠲᠠ ᠶᠢᠨ ᠬᠡᠪᠴᠢᠶᠡᠨ ᠳᠤ ᠬᠡᠷᠡᠭᠵᠢᠭᠦᠯᠦᠨ᠎ᠡ᠃     ᠵᠢᠷᠭᠤᠭ᠎ᠠ᠂ ᠳᠠᠩᠰᠠᠯᠠᠵᠤ ᠪᠦᠷᠢᠳᠬᠡᠭᠦᠯᠬᠦ ᠶᠠᠪᠤᠴᠠ ᠶᠢ ᠨᠡᠩ ᠳᠥᠭᠦᠮ ᠲᠥᠳᠡ ᠪᠣᠯᠭᠠᠪᠠ᠃  ﹇ᠬᠢᠨᠠᠵᠤ ᠬᠠᠷᠭᠤᠭᠤᠯᠬᠤ ᠶᠢ ᠨᠢᠭᠡᠳᠬᠡᠬᠦ﹈ ᠳᠠᠩᠰᠠᠯᠠᠬᠤ ᠳᠦᠷᠢᠮ ᠢ ᠬᠡᠷᠡᠭᠵᠢᠭᠦᠯᠵᠦ᠂  ﹇ᠨᠢᠭᠡ ᠶᠠᠪᠤᠴᠠ ᠶᠢ ᠨᠢᠭᠡ ᠬᠥᠮᠥᠨ ᠭᠦᠢᠴᠡᠳᠬᠡᠬᠦ﹈ ᠶᠢ ᠪᠡᠶᠡᠯᠡᠭᠦᠯᠪᠡ᠃      ᠰᠠᠨᠠᠯ ᠤᠨ ᠬᠤᠶᠠᠳᠤᠭᠠᠷ ᠬᠡᠰᠡᠭ ᠲᠤ᠂ ᠭᠤᠣᠯᠳᠠᠭᠤ  ﹇ᠢᠨᠲ᠋ᠧᠷ ᠰᠦᠯᠵᠢᠶ᠎ᠡ + ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ﹈ ᠶᠢ ᠢᠳᠡᠪᠬᠢᠯᠡᠨ ᠠᠬᠢᠭᠤᠯᠵᠤ᠂ ᠬᠢᠨᠠᠨ ᠬᠠᠮᠢᠶᠠᠷᠤᠯᠲᠠ ᠶᠢᠨ ᠴᠢᠮᠡᠭᠡ ᠵᠠᠩᠭᠢᠴᠢᠯᠠᠯᠲᠠ ᠪᠣᠯᠣᠨ ᠢᠯᠡ ᠲᠣᠳᠣ ᠪᠠᠶᠢᠬᠤ ᠶᠢ ᠪᠡᠶᠡᠯᠡᠭᠦᠯᠵᠦ᠂ ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠬᠤ ᠪᠠᠷ ᠳᠣᠣᠷᠠᠬᠢ ᠠᠵᠢᠯ ᠤᠳ ᠢ ᠰᠠᠶᠢᠲᠤᠷ ᠬᠢᠪᠡ᠄      ᠲᠥᠪ ᠭᠤᠣᠯᠴᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠬᠤ ᠲᠠᠯ᠎ᠠ ᠪᠠᠷ᠂  ︽ᠬᠥᠬᠡᠬᠤᠲᠠ ᠶᠢᠨ  ﹇ᠠᠷᠪᠠᠨ ᠭᠤᠷᠪᠠᠳᠤᠭᠠᠷ ᠲᠠᠪᠤᠨ ᠵᠢᠯ﹈  ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠥᠯᠥᠪᠵᠢᠭᠦᠯᠭᠡ︾ ᠶᠢ ᠤᠬᠠᠭᠤᠯᠤᠨ ᠲᠤᠭᠤᠰᠢᠯᠠᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠨᠡᠷᠡᠲᠦ ᠲᠡᠮᠲᠡᠭᠲᠦ ᠶᠢᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠮᠠᠭᠠᠯᠠᠬᠤ ᠲᠤᠰᠬᠠᠢ ᠬᠠᠤᠯᠢ ᠶᠢᠨ ᠪᠠᠶᠢᠴᠠᠭᠠᠯᠲᠠ ᠬᠢᠵᠦ᠂ ᠬᠠᠤᠯᠢ ᠪᠤᠰᠤ ᠠᠵᠢᠯᠯᠠᠭ᠎ᠠ ᠳᠤ ᠬᠦᠨᠳᠦ ᠴᠣᠬᠢᠯᠲᠠ ᠥᠭᠪᠡ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠲᠥᠪ ᠭᠤᠣᠯᠴᠢ ᠥᠷᠢᠰᠦᠯᠳᠦᠭᠡᠨ ᠳᠤ ᠣᠷᠣᠯᠴᠠᠬᠤ ᠶᠢ ᠬᠠᠷᠰᠢᠯᠠᠭᠰᠠᠨ ᠡᠯ᠎ᠡ ᠳᠦᠷᠢᠮ ᠲᠣᠭᠲᠠᠭᠠᠯ ᠢ ᠬᠠᠤᠯᠢ ᠶᠣᠰᠣᠭᠠᠷ ᠴᠡᠭᠴᠡᠯᠡᠵᠦ᠂ ᠲᠥᠪ ᠪᠤᠰᠤ ᠥᠷᠢᠰᠦᠯᠳᠦᠭᠡᠨ ᠳᠤ ᠴᠣᠬᠢᠯᠲᠠ ᠥᠭᠪᠡ᠃      ᠬᠢᠨᠠᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠠᠯ᠎ᠠ ᠪᠠᠷ᠂  ﹇ᠬᠤᠶᠠᠷ  ᠢ ᠰᠤᠭᠤᠴᠢᠵᠤ ᠨᠢᠭᠡ ᠶᠢ ᠢᠯᠡ ᠪᠤᠯᠭᠠᠬᠤ﹈ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠩᠭᠤᠨ ᠬᠠᠤᠯᠢ ᠬᠡᠷᠡᠭᠵᠢᠭᠦᠯᠬᠦ ᠶᠢ ᠡᠷᠡᠰ ᠲᠡᠪᠴᠢᠵᠦ᠂ ᠡᠳᠦᠷ ᠲᠣᠲᠤᠮ ᠤᠨ ᠪᠠᠶᠢᠴᠠᠭᠠᠯᠲᠠ ᠳᠤ  ﹇ᠬᠤᠶᠠᠷ  ᠢ ᠰᠤᠭᠤᠴᠢᠬᠤ﹈ ᠮᠠᠶ᠋ᠢᠭ ᠪᠠᠷ ᠪᠦᠬᠦᠨ ᠢ ᠪᠦᠷᠬᠦᠭᠦᠯᠦᠨ᠎ᠡ᠃      ᠰᠢᠨ᠎ᠡ ᠪᠠᠷ ᠬᠥᠭᠵᠢᠭᠰᠡᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ᠂ ᠰᠢᠨ᠎ᠡ ᠪᠠᠶᠢᠭᠤᠯᠤᠭᠳᠠᠭᠰᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠰᠢᠨ᠎ᠡ ᠠᠵᠤ ᠠᠬᠤᠢ ᠳᠤ ᠠᠭᠤᠴᠢᠯᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ 1—2 ᠵᠢᠯ ᠤᠨ ᠠᠭᠤᠴᠢᠯᠠᠬᠤ ᠬᠤᠭᠤᠴᠠᠭ᠎ᠠ ᠣᠯᠭᠤᠨ᠎ᠠ᠃      ᠲᠣᠣᠷ ᠰᠦᠯᠵᠢᠶᠡᠨ ᠳᠡᠭᠡᠷᠡᠬᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ ᠲᠠᠯ᠎ᠠ ᠪᠠᠷ᠂  ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠬᠤᠳᠠᠯ ᠬᠠᠭᠤᠷᠮᠠᠭ ᠶᠠᠭᠤᠮ᠎ᠠ ᠬᠤᠳᠠᠯᠳᠤᠬᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠴᠢᠳ ᠢ ᠬᠠᠭᠤᠷᠴᠤ ᠮᠡᠬᠡᠯᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠬᠦᠨᠳᠦ ᠴᠣᠬᠢᠯᠲᠠ ᠥᠭᠴᠦ᠂ ᠰᠦᠯᠵᠢᠶᠡᠨ ᠳᠡᠭᠡᠷᠡᠬᠢ ᠡᠵᠡᠩᠨᠡᠭᠴᠢ ᠪᠣᠯᠣᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠰᠠᠨᠠᠯ ᠤᠨ ᠭᠤᠷᠪᠠᠳᠤᠭᠠᠷ ᠬᠡᠰᠡᠭ ᠲᠤ ᠭᠤᠣᠯᠳᠠᠭᠤ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠡᠯᠪᠡᠷᠢ ᠪᠠᠷ ᠬᠤᠪᠢᠷᠠᠭᠠᠵᠤ ᠲᠡᠰ ᠳᠡᠪᠰᠢᠬᠦ ᠳᠤ ᠦᠢᠯᠡᠴᠢᠯᠡᠵᠦ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠦᠴᠦᠷᠬᠡᠭᠵᠢᠵᠦ ᠰᠢᠯᠢᠳᠡᠭᠵᠢᠬᠦ ᠶᠢ ᠵᠣᠷᠢᠭᠵᠢᠭᠤᠯᠵᠤ᠂ ᠠᠳᠠᠯ ᠪᠣᠰᠬᠠᠵᠤ ᠰᠢᠨ᠎ᠡ ᠶᠢ ᠡᠭᠦᠳᠬᠦ ᠰᠠᠶᠢᠨ ᠰᠠᠶᠢᠬᠠᠨ ᠣᠷᠴᠢᠨ ᠲᠣᠭᠤᠷᠢᠨ ᠢ  ᠪᠣᠢ ᠪᠣᠯᠭᠠᠬᠤ ᠲᠠᠯ᠎ᠠ ᠳᠤ ᠬᠦᠴᠦ ᠲᠠᠯᠪᠢᠪᠠ᠃      ﹇ᠬᠥᠲᠥᠯᠥᠭᠴᠢ﹈ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠡᠨᠡ 16 ᠵᠤᠷᠪᠤᠰ ᠰᠠᠨᠠᠯ ᠨᠢ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠤᠷᠤᠭᠰᠢ ᠬᠥᠭᠵᠢᠬᠦ ᠶᠢ ᠲᠦᠷᠭᠡᠳᠬᠡᠨ ᠬᠦᠴᠦᠷᠬᠡᠭᠵᠢᠭᠦᠯᠬᠦ ᠨᠢ ᠳᠠᠮᠵᠢᠭ ᠦᠭᠡᠢ᠂ ᠳᠠᠷᠠᠭᠠᠴᠢ ᠶᠢᠨ ᠠᠯᠬᠤᠮ ᠳᠤ ᠶᠠᠮᠠᠷᠬᠠᠨ ᠣᠪᠣᠷ ᠬᠠᠷᠢᠭᠤᠴᠠᠯᠭ᠎ᠠ ᠪᠠᠷ ᠮᠠᠨ ᠤ ᠬᠤᠲᠠ ᠶᠢᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠥᠭᠵᠢᠨ ᠬᠦᠴᠦᠷᠬᠡᠭᠵᠢᠬᠦ ᠶᠢ ᠠᠬᠢᠭᠤᠯᠬᠤ ᠪᠣᠢ︖       ﹇ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠰᠦᠨ ᠲᠣᠣ﹈ ᠰᠠᠨᠠᠯ ᠢ ᠨᠡᠶᠢᠲᠡᠯᠡᠬᠦ ᠶᠢᠨ ᠡᠮᠦᠨ᠎ᠡ ᠬᠤᠶᠢᠨ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠬᠤᠷᠠᠯ ᠡᠷᠬᠢᠯᠡᠬᠦ ᠮᠠᠶ᠋ᠢᠭ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠠᠵᠤ ᠠᠬᠤᠶᠢᠯᠠᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠤᠨ ᠲᠣᠭᠤᠷᠢᠨ ᠳᠤ ᠢᠳᠡᠪᠬᠢᠲᠡᠢ ᠶᠠᠷᠢᠶ᠎ᠠ ᠢᠯᠡᠳᠬᠡᠵᠦ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠳᠤ ᠰᠠᠨᠠᠯ ᠵᠥᠪᠯᠡᠯᠭᠡ ᠥᠭᠪᠡ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠥᠭᠵᠢᠯᠲᠡ ᠳᠤᠮᠳᠠ ᠤᠴᠠᠷᠠᠭᠰᠠᠨ ᠵᠠᠷᠢᠮ ᠠᠰᠠᠭᠤᠳᠠᠯ ᠤᠨ ᠲᠤᠬᠠᠢ ᠳᠤ ᠠᠵᠤ ᠠᠬᠤᠶᠢᠯᠠᠯᠲᠠᠳ ᠲᠠᠢ ᠭᠦᠨ ᠶᠠᠷᠢᠯᠴᠠᠯᠭ᠎ᠠ ᠬᠢᠵᠦ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ ᠨᠢᠭᠡᠳ ᠨᠢᠭᠡ ᠪᠠᠷ ᠰᠢᠮᠳᠠᠭᠤᠯᠤᠨ ᠰᠢᠢᠳᠪᠦᠷᠢᠯᠡᠬᠦ ᠶᠢ ᠱᠠᠭᠠᠷᠳᠠᠪᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠨᠢᠭᠡ ᠳᠤ᠂ ᠤᠯᠤᠰ ᠲᠥᠷᠥ ᠶᠢᠨ ᠲᠠᠨᠢᠯᠲᠠ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠤᠳᠬ᠎ᠠ ᠠᠭᠤᠯᠭ᠎ᠠ ᠪᠣᠯᠣᠨ ᠵᠣᠷᠢᠭ ᠰᠠᠨᠠᠭ᠎ᠠ ᠶᠢ ᠪᠦᠷᠢᠨ ᠣᠶᠢᠯᠭᠠᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠣᠨ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠥᠭᠵᠢᠯᠲᠡ ᠶᠢᠨ ᠤᠯᠤᠰ ᠲᠥᠷᠥ ᠶᠢᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠪᠣᠯᠣᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠢ ᠪᠣᠯᠭᠠᠨ᠎ᠠ᠃ ᠬᠤᠶᠠᠷ ᠲᠤ᠂ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠲᠠᠨᠢᠨ᠎ᠠ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠬᠢ ᠲᠡᠳᠬᠦᠨ ᠳᠡᠮᠵᠢᠬᠦ ᠬᠦᠴᠦᠨ ᠢᠶᠠᠨ ᠦᠷᠭᠦᠯᠵᠢᠯᠡᠨ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠨᠡᠩ ᠰᠠᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠬᠠᠩᠭᠠᠨ᠎ᠠ᠃ ᠡᠭᠦᠨ ᠤ ᠬᠠᠮᠲᠤ᠂ ᠥᠷᠭᠡᠨ ᠣᠯᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠢ ᠬᠦᠰᠡᠬᠦ ᠨᠢ᠂ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠢᠳᠦᠨ ᠡᠮᠦᠨᠡᠬᠢ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠢᠴᠡᠳ ᠲᠠᠨᠢᠵᠤ᠂ ᠠᠷᠠᠳ ᠠᠴᠠ ᠡᠷᠬᠢᠯᠡᠭᠰᠡᠨ ᠠᠵᠤ ᠠᠬᠤᠢ ᠶᠢ ᠬᠥᠭᠵᠢᠭᠦᠯᠦᠨ ᠬᠦᠴᠦᠷᠬᠡᠭᠵᠢᠭᠦᠯᠬᠦ ᠤᠷᠢᠳ ᠭᠠᠷᠤᠭ᠎ᠠ ᠦᠭᠡᠢ ᠠᠵᠠ ᠲᠣᠬᠢᠶᠠᠯ ᠪᠣᠯᠣᠨ ᠳᠠᠪᠠᠭᠤᠯᠢᠭ ᠢ ᠭᠦᠢᠴᠡᠳ ᠠᠰᠢᠭᠯᠠᠵᠤ᠂ ᠭᠤᠣᠯ ᠠᠵᠢᠯ ᠢᠶᠠᠨ ᠰᠠᠨᠠᠭᠠᠴᠢᠯᠠᠨ ᠬᠢᠵᠦ᠂ ᠰᠢᠨ᠎ᠡ ᠶᠢ ᠡᠭᠦᠳᠬᠦ ᠳᠤ ᠪᠦᠬᠦ ᠰᠡᠳᠬᠢᠯ ᠪᠦᠬᠦ ᠬᠦᠴᠦᠨ ᠢᠶᠠᠨ ᠲᠥᠪᠯᠡᠷᠡᠭᠦᠯᠬᠦ ᠬᠡᠷᠡᠭᠲᠡᠢ᠃ ᠨᠢᠭᠡ ᠳᠤ᠂ ᠣᠳᠣᠬᠢᠴᠢᠯᠠᠭᠰᠠᠨ ᠠᠵᠤ ᠠᠬᠤᠶᠢᠯᠠᠯ ᠤᠨ ᠳᠦᠷᠢᠮ ᠢ ᠲᠣᠭᠲᠠᠭᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠮ ᠢᠶᠠᠨ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠬᠤᠶᠠᠷ ᠲᠤ᠂ ᠢᠲᠡᠭᠡᠯᠲᠡᠢ ᠬᠠᠤᠯᠢ ᠶᠣᠰᠣᠭᠠᠷ ᠡᠵᠡᠩᠨᠡᠵᠦ᠂ ᠬᠠᠤᠯᠢ ᠶᠣᠰᠣᠭᠠᠷ ᠲᠥᠪ ᠭᠤᠣᠯᠴᠢ ᠥᠷᠢᠰᠦᠯᠳᠦᠵᠦ᠂ ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠭᠤᠷᠪᠠ ᠳᠤ᠂ ᠨᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠪᠣᠯᠣᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠤᠷᠭᠠᠨᠢᠭ ᠢᠶᠠᠷ ᠤᠶᠠᠯᠳᠤᠭᠤᠯᠤᠨ᠂ ᠠᠵᠤ ᠠᠬᠤᠶᠢᠯᠠᠯ ᠤᠨ ᠡᠷᠡᠭᠦᠯ ᠴᠢᠭᠢᠷᠠᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠤᠰᠤ ᠶᠢ ᠨᠢ ᠤᠤᠭᠤᠪᠠᠯ ᠡᠬᠢ ᠶᠢ ᠨᠢ ᠰᠠᠨᠠᠵᠤ᠂ ᠣᠯᠵᠠ ᠠᠰᠢᠭ ᠡᠭᠦᠷᠭᠡ ᠬᠠᠷᠢᠭᠤᠴᠠᠯᠭ᠎ᠠ ᠶᠢ ᠬᠠᠮᠲᠤ ᠳᠤ ᠨᠢ ᠪᠣᠳᠣᠯᠬᠢᠯᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠡᠶᠡᠯᠡᠭᠦᠯᠵᠦ᠂ ᠨᠡᠶᠢᠭᠡᠮ ᠳᠤ ᠠᠴᠢ ᠬᠠᠷᠢᠭᠤᠯᠤᠭᠰᠠᠨ ᠰᠢᠨ᠎ᠡ ᠴᠠᠭ ᠦᠶ᠎ᠡ ᠶᠢᠨ ᠦᠯᠢᠭᠡᠷ ᠵᠢᠱᠢᠶ᠎ᠡ ᠪᠣᠯᠲᠤᠭᠠᠢ᠃      ﹇ᠬᠠᠮᠢᠶᠠᠷᠤᠭᠴᠢ﹈  ᠬᠥᠬᠡᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠰᠦᠨ ᠲᠣᠣ ᠳᠤ ᠪᠠᠶᠠᠷᠯᠠᠯ᠎ᠠ  ᠂ ᠲᠥᠷᠥ ᠶᠢᠨ ᠪᠣᠳᠣᠯᠭ᠎ᠠ ᠶᠢᠨ ᠰᠤᠳᠤᠯᠤᠯᠲᠠ ᠪᠣᠯᠣᠨ ᠥᠭᠡᠷᠡᠴᠢᠯᠡᠯᠲᠡ ᠶᠢᠨ ᠠᠯᠪᠠᠨ ᠭᠡᠷ ᠤᠨ ᠬᠠᠷᠢᠭᠤᠴᠠᠯᠭᠠᠲᠠᠨ ᠯᠢ ᠭᠦᠢ ᠰᠢᠶᠠᠨ ᠳᠤ ᠪᠠᠶᠠᠷᠯᠠᠯ᠎ᠠ᠂ ᠰᠦᠯᠵᠢᠶᠡᠨ ᠤ ᠨᠥᠬᠦᠳ ᠤᠨ ᠠᠩᠬᠠᠷᠤᠯ ᠪᠣᠯᠣᠨ ᠣᠷᠣᠯᠴᠠᠭᠰᠠᠨ ᠳᠤ ᠪᠠᠶᠠᠷᠯᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ