ᠮᠠᠨ ᠤ ᠤᠯᠤᠰ ᠤᠨ ᠠᠩᠬᠠᠳᠠᠭᠴᠢ ᠮᠤᠩᠭᠤᠯ ᠪᠠᠶᠢᠭᠠᠯᠢ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ ᠮᠡᠨᠳᠤᠯᠡᠪᠡ
ᠨᠡᠶᠢᠲᠡᠯᠡᠭᠰᠡᠨ ᠴᠠᠭ᠄
2018-12-29
      12 ᠰᠠᠷ᠎ᠠ ᠶᠢᠨ 27 ᠤ ᠡᠳᠤᠷ᠂ ᠮᠠᠨ ᠤ ᠤᠯᠤᠰ ᠤᠨ ᠠᠩᠬᠠᠳᠠᠭᠴᠢ ᠮᠤᠩᠭᠤᠯ ᠪᠠᠶᠢᠭᠠᠯᠢ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ ᠪᠤᠯᠬᠤ ︽ᠤᠶᠤᠨ︾ ᠮᠤᠩᠭᠤᠯ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ 2.0 ᠢ ᠬᠥᠬᠡᠬᠤᠳᠠ ᠳᠤ ᠵᠢᠩᠬᠢᠨᠢ ᠪᠠᠷ ᠨᠡᠶᠢᠳᠡᠯᠡᠪᠡ᠃ ᠮᠠᠰᠢᠨ ᠬᠦ᠋ᠮᠦᠨ ᠳᠤ ᠮᠤᠩᠭᠤᠯ ᠬᠡᠯᠡᠨ ᠤ ᠶᠠᠷᠢᠶᠠᠨ ᠤ ᠬᠡᠯᠡ ᠤᠷᠤᠭᠤᠯᠤᠭᠰᠠᠨ ᠡᠨᠡ ᠬᠦ ᠰᠢᠰᠲ᠋ᠧᠮ ᠨᠢ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠺᠤᠮᠫᠢᠥ᠋ᠲ᠋ᠧᠷ ᠤᠨ ᠲᠡᠭᠡᠳᠤ ᠰᠤᠷᠭᠠᠭᠤᠯᠢ ᠶᠢᠨ ᠮᠤᠩᠭᠤᠯ ᠬᠡᠯᠡᠨ ᠤ ᠮᠡᠳᠡᠭᠡ ᠵᠠᠩᠬᠢ ᠰᠢᠢᠳᠪᠤᠷᠢᠯᠡᠬᠦ ᠮᠡᠷᠭᠡᠵᠢᠯ ᠤᠨ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ ᠠᠴᠠ ᠪᠡᠶ᠎ᠡ ᠪᠠᠨ ᠲᠠᠭᠠᠭᠠᠵᠤ ᠰᠤᠳᠤᠯᠤᠨ ᠪᠥᠳᠥᠭᠡᠭᠰᠡᠨ ᠶᠤᠮ᠃ ᠲᠤᠰ ᠰᠢᠰᠲ᠋ᠧᠮ ᠨᠢ ᠲᠡᠯᠡᠬᠡᠢ ᠲᠡᠭᠡᠷᠡᠬᠢ ᠬᠠᠮᠤᠭ ᠤᠨ ᠲᠡᠷᠢᠭᠦᠨ ᠤ ᠬᠥᠨᠵᠡᠭᠡᠢ ᠰᠤᠷᠤᠯᠴᠠᠬᠤ ᠮᠡᠷᠭᠡᠵᠢᠯ᠂ ᠡᠭᠦᠯᠡᠨ ᠥᠢᠯᠡᠴᠢᠯᠡᠭᠡ ᠶᠢᠨ ᠮᠡᠷᠭᠡᠵᠢᠯ ᠵᠢᠴᠢ ᠮᠤᠩᠭᠤᠯ ᠦᠰᠦᠭ ᠪᠢᠴᠢᠭ ᠢ ᠬᠠᠷᠭᠤᠭᠤᠯᠬᠤ ᠪᠤᠯᠤᠨ ᠤᠨᠴᠠᠭᠠᠢ ᠳᠤᠭ᠎ᠠ ᠲᠡᠮᠳᠡᠭ ᠢ ᠮᠤᠩᠭᠤᠯ ᠬᠡᠯᠡ ᠳᠤ ᠬᠦᠷᠪᠡᠬᠦᠯᠬᠦ ᠮᠡᠷᠭᠡᠵᠢᠯ ᠢ ᠠᠰᠢᠬᠯᠠᠭᠰᠠᠨ ᠪᠠᠶᠢᠨ᠎ᠠ᠃ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠺᠤᠮᠫᠢᠥ᠋ᠲ᠋ᠧᠷ ᠤᠨ ᠲᠡᠭᠡᠳᠤ ᠰᠤᠷᠭᠠᠭᠤᠯᠢ ᠶᠢᠨ ᠲᠡᠳ᠋ ᠫᠷᠤᠹᠧᠰᠰᠤᠷ ᠹᠧᠢ ᠯᠥᠩ᠄ ︽ᠠᠪᠢᠶ᠎ᠠ ᠨᠡᠶᠢᠯᠡᠮᠡᠯ ᠤᠨ ᠰᠢᠰᠲ᠋ᠧᠮ ᠭᠡᠳᠡᠭ ᠨᠢ ᠪᠢᠴᠢᠭ ᠪᠠ ᠬᠡᠯᠡ ᠶᠠᠷᠢᠶ᠎ᠠ ᠶᠢ ᠬᠠᠷᠢᠯᠴᠠᠨ ᠬᠦᠷᠪᠡᠬᠦᠯᠬᠦ᠂ ᠵᠤᠬᠢᠶᠠᠮᠠᠯ ᠤᠶᠤᠨᠴᠢ ᠴᠢᠳᠠᠪᠤᠷᠢ ᠶᠢᠨ ᠬᠥᠷᠢᠶᠡᠨ ᠳᠠᠬᠢ ᠭᠤᠤᠯ ᠮᠡᠷᠭᠡᠵᠢᠯ ᠪᠠᠶᠢᠵᠤ᠂ ᠶᠠᠮᠠᠷᠪᠠ ᠨᠢᠬᠡᠨ ᠥᠰᠥᠭ ᠪᠢᠴᠢᠭ ᠢ ᠤᠷᠤᠰᠤᠮ᠎ᠠ ᠰᠠᠶᠢᠬᠠᠨ ᠪᠠᠷᠢᠮᠵᠢᠶ᠎ᠠ ᠬᠡᠯᠡ ᠶᠠᠷᠢᠶ᠎ᠠ ᠪᠤᠯᠭᠠᠨ ᠬᠤᠪᠢᠷᠠᠭᠤᠯᠤᠨ ᠤᠩᠰᠢᠭᠤᠯᠬᠤ ᠴᠢᠳᠠᠮᠵᠢ ᠲᠠᠢ᠃ ᠲᠤᠰ ᠰᠢᠰᠲ᠋ᠧᠮ ᠨᠢ ᠬᠡᠷᠡᠭᠯᠡᠭᠴᠢᠳ ᠲᠤ ᠡᠭᠦᠯᠡᠨ ᠥᠢᠯᠡᠴᠢᠯᠡᠭᠡ ᠶᠢᠨ ᠵᠠᠯᠭᠠᠭᠤᠷ ᠥᠯᠡᠳᠡᠭᠡᠵᠤ᠂ ᠰᠤᠷᠭᠠᠨ ᠬᠥᠮᠥᠵᠢᠯ᠂ ᠴᠠᠭ ᠠᠭᠤᠷ᠂ ᠵᠠᠮ ᠬᠠᠷᠢᠯᠴᠠᠭ᠎ᠠ᠂ ᠤᠯᠠᠨ ᠨᠡᠶᠢᠳᠡ ᠶᠢᠨ ᠥᠢᠯᠡᠴᠢᠯᠡᠭᠡ ᠵᠡᠷᠭᠡ ᠨᠡᠶᠢᠭᠡᠮ ᠤᠨ ᠥᠷᠭᠡᠨ ᠬᠥᠷᠢᠶ᠎ᠡ ᠴᠠᠷᠠᠭ᠎ᠠ ᠳᠤ ᠠᠰᠢᠬᠯᠠᠵᠤ ᠪᠤᠯᠬᠤ ᠶᠤᠮ︾ ᠭᠡᠵᠤ ᠲᠠᠨᠢᠯᠴᠠᠭᠤᠯᠵᠠᠢ᠃      ︽ᠤᠶᠤᠨ︾ ᠮᠤᠩᠭᠤᠯ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ 2.0 ᠢ ᠵᠢᠩᠬᠢᠨᠢ ᠪᠠᠷ ᠨᠡᠶᠢᠳᠡᠯᠡᠭᠰᠡᠨ ᠨᠢ ᠮᠤᠩᠭᠤᠯ ᠬᠡᠯᠡᠨ ᠤ ᠮᠡᠳᠡᠭᠡ ᠵᠠᠩᠬᠢᠵᠢᠯᠳᠠ ᠶᠢᠨ ᠰᠢᠨ᠎ᠡ ᠡᠭᠦᠳᠤᠯᠳᠡ ᠪᠤᠯᠤᠨ᠎ᠠ᠃ ᠮᠤᠩᠭᠤᠯ ᠬᠡᠯᠡᠨ ᠤ ᠤᠶᠤᠨᠴᠢ ᠪᠦᠳᠦᠬᠡᠭᠳᠡᠬᠦᠨ ᠤ ᠠᠰᠢᠬᠯᠠᠯᠳᠠ ᠳᠤ ᠠᠯᠤᠰ ᠬᠡᠳᠤ ᠶᠢᠨ ᠠᠴᠢ ᠬᠤᠯᠪᠤᠭᠳᠠᠯ ᠲᠠᠢ ᠪᠦᠭᠡᠳ ᠵᠠᠬ᠎ᠠ ᠳᠡᠯᠬᠡᠬᠦᠷ ᠲᠠᠬᠢ ᠮᠤᠩᠭᠤᠯ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ ᠤᠨ ᠮᠡᠷᠭᠡᠵᠢᠯ ᠤᠨ ᠬᠤᠭᠤᠰᠤᠨ ᠢ ᠨᠥᠬᠦᠪᠤᠷᠢᠯᠡᠵᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号