﹇ᠤᠯᠤᠰ ᠤᠨ ᠦᠨᠳᠦᠰᠦᠨ ᠬᠠᠤᠯᠢ ᠶᠢᠨ ᠡᠳᠦᠷ﹈ ᠤᠨ ᠤᠬᠠᠭᠤᠯᠭ᠎ᠠ ᠰᠤᠷᠭᠠᠭᠤᠯᠢ ᠶᠢᠨ ᠬᠦᠷᠢᠶᠡᠨ ᠳᠤ ᠣᠷᠣᠪᠠ
ᠨᠡᠶᠢᠲᠡᠯᠡᠭᠰᠡᠨ ᠴᠠᠭ᠄
2018-12-05
      12 ᠳ᠋ᠤᠭᠠᠷ ᠰᠠᠷ᠎ᠠ ᠶᠢᠨ 4 ᠤ ᠡᠳᠦᠷ ᠪᠣᠯ ᠮᠠᠨ ᠤ ᠤᠯᠤᠰ ᠤᠨ ᠲᠠᠪᠤᠳᠠᠭᠢ ᠤᠯᠤᠰ ᠤᠨ ᠦᠨᠳᠦᠰᠦᠨ ᠬᠠᠤᠯᠢ ᠶᠢᠨ ᠡᠳᠦᠷ᠂ ᠮᠥᠨᠴᠦ ᠪᠦᠬᠦ ᠤᠯᠤᠰ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠡᠳᠦᠷ ᠪᠣᠯᠣᠨ᠎ᠠ᠃ ᠥᠴᠥᠭᠡᠳᠦᠷ ᠦᠳᠡ ᠶᠢᠨ ᠡᠮᠦᠨ᠎ᠡ ᠶᠢᠨ 10 ᠴᠠᠭ ᠲᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠬᠤᠲᠠ ᠶᠡᠭᠡ ᠠᠩᠭᠢ ᠶᠢᠨ ᠠᠷᠠᠳ ᠤᠨ ᠴᠠᠭᠳᠠᠭ᠎ᠠ ᠰᠢᠨ᠎ᠡ ᠬᠤᠲᠠ ᠲᠣᠭᠤᠷᠢᠭ ᠤᠨ ᠯᠥᠸᠧ ᠹᠧᠩ ᠵᠡᠭᠡᠯᠢ ᠶᠢᠨ ᠪᠠᠭ᠎ᠠ ᠰᠤᠷᠭᠠᠭᠤᠯᠢ ᠳᠤ ᠬᠦᠷᠴᠦ᠂ ᠬᠢᠴᠢᠶᠡᠯ ᠤᠨ ᠵᠠᠪᠰᠠᠷ ᠤᠨ ᠲᠠᠮᠢᠷ ᠤᠨ ᠴᠠᠭ ᠢ ᠠᠰᠢᠭᠯᠠᠵᠤ᠂ ᠰᠤᠷᠭᠠᠭᠤᠯᠢ ᠶᠢᠨ ᠲᠠᠯ᠎ᠠ  ᠲᠠᠢ ᠬᠠᠮᠲᠤ ᠪᠠᠷ  ﹇ᠦᠨᠳᠦᠰᠦᠨ ᠬᠠᠤᠯᠢ ᠶᠢ ᠤᠬᠠᠭᠤᠯᠬᠤ ᠭᠠᠷᠠᠭ﹈ ᠤᠨ ᠡᠬᠢᠯᠡᠬᠦ ᠶᠣᠰᠣᠯᠠᠯ ᠶᠠᠪᠤᠭᠤᠯᠪᠠ︔ ᠥᠴᠥᠭᠡᠳᠦᠷ᠂ ᠲᠠᠪᠤᠨ ᠰᠣᠪᠣᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠠᠴᠠ ᠢᠦᠢ ᠴᠢᠦᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠵᠤ  ﹇ᠦᠨᠳᠦᠰᠦᠨ ᠬᠠᠤᠯᠢ ᠶᠢᠨ ᠮᠡᠳᠡᠯᠭᠡ ᠰᠤᠷᠭᠠᠭᠤᠯᠢ ᠶᠢᠨ ᠬᠦᠷᠢᠶᠡᠨ ᠳᠤ ᠣᠷᠣᠬᠤ﹈ ᠭᠤᠣᠯ ᠰᠡᠳᠦᠪᠲᠤ ᠤᠬᠠᠭᠤᠯᠤᠨ ᠶᠠᠷᠢᠬᠤ ᠬᠥᠳᠡᠯᠭᠡᠭᠡᠨ ᠥᠷᠨᠢᠭᠦᠯᠪᠡ᠃ ᠥᠴᠥᠭᠡᠳᠦᠷ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠰᠠᠯᠪᠤᠷᠢ ᠲᠣᠪᠴᠢᠶ᠎ᠠ ᠶᠢᠨ ᠲᠠᠢ ᠫᠢᠩ ᠵᠤᠸᠠᠩ ᠲᠣᠮᠢᠯᠠᠭᠰᠠᠨ ᠭᠠᠵᠠᠷ ᠤᠨ ᠰᠤᠷᠭᠠᠭᠤᠯᠢ ᠶᠢᠨ ᠬᠦᠷᠢᠶᠡᠨ ᠤ ᠬᠠᠤᠯᠢ ᠳᠦᠷᠢᠮ ᠤᠬᠠᠭᠤᠯᠤᠭᠴᠢ ᠠᠴᠠ ᠴᠠᠭᠠᠨ ᠰᠣᠪᠣᠷᠭ᠎ᠠ ᠪᠠᠭ᠎ᠠ ᠰᠤᠷᠭᠠᠭᠤᠯᠢ ᠶᠢᠨ ᠪᠦᠬᠦ ᠪᠠᠭᠰᠢ ᠰᠤᠷᠤᠭᠴᠢ ᠳᠤ  ﹇ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠲᠠᠶᠢᠯᠪᠤᠷᠢᠯᠠᠬᠤ﹈ ᠭᠤᠣᠯ ᠰᠡᠳᠦᠪᠲᠤ ᠬᠢᠴᠢᠶᠡᠯ ᠣᠷᠣᠵᠤ᠂ ᠰᠤᠷᠤᠭᠴᠢᠳ ᠢ ᠵᠣᠬᠢᠶᠠᠨ ᠪᠠᠶᠢᠭᠤᠯᠵᠤ ᠨᠡᠶᠢᠲᠡ ᠪᠠᠷ ᠦᠨᠳᠦᠰᠦᠨ ᠬᠠᠤᠯᠢ ᠶᠢᠨ ᠮᠡᠳᠡᠯᠭᠡ ᠶᠢ ᠰᠤᠷᠤᠯᠴᠠᠵᠤ᠂ ᠰᠤᠷᠤᠭᠴᠢᠳ ᠢ ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠮᠡᠳᠡᠵᠤ᠂ ᠦᠨᠳᠦᠰᠦᠨ ᠬᠠᠤᠯᠢ ᠶᠢ ᠵᠢᠷᠤᠮᠯᠠᠭᠰᠠᠨ ᠬᠠᠤᠯᠢ ᠳᠦᠷᠢᠮ ᠤᠨ ᠦᠵᠡᠯ ᠲᠠᠨᠢᠯᠲᠠ ᠲᠠᠢ ᠨᠡᠶᠢᠭᠡᠮ ᠤᠨ ᠨᠢᠭᠡᠨ ᠪᠢᠴᠢᠬᠠᠨ  ᠡᠷᠬᠡᠲᠦ ᠠᠷᠠᠳ ᠪᠣᠯᠬᠤ ᠶᠢ ᠵᠣᠷᠢᠪᠠ᠃
           ᠲᠠᠪᠤᠨ ᠰᠣᠪᠣᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ
           ᠴᠠᠭᠠᠨ ᠰᠣᠪᠣᠷᠭ᠎ᠠ ᠪᠠᠭ᠎ᠠ ᠰᠤᠷᠭᠠᠭᠤᠯᠢ ᠳᠤ
          ᠯᠥᠸᠧ ᠹᠧᠩ ᠵᠡᠭᠡᠯᠢ ᠶᠢᠨ ᠪᠠᠭ᠎ᠠ ᠰᠤᠷᠭᠠᠭᠤᠯᠢ ᠳᠤ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号