ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 37 ᠳ᠋ᠤᠭᠠᠷ ᠲᠣᠭᠠᠲᠤ | 2018ᠣᠨ ᠤ 6 ᠳ᠋ᠤᠭᠠᠷ ᠰᠠᠷ᠎ᠠ ᠶᠢᠨ 14 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ︽ᠬᠥᠬᠡᠬᠤᠲᠠ ᠶᠢᠨ ᠰᠢᠨᠡᠴᠢᠯᠡᠯᠲᠡ ᠡᠭᠦᠳᠦᠯᠲᠡ ᠶᠢ ᠬᠥᠬᠢᠭᠦᠯᠦᠨ ᠳᠡᠮᠵᠢᠬᠦ ᠪᠡᠯᠡ ᠮᠥᠩᠭᠦ ᠶᠢᠨ ᠬᠦᠦ ᠳᠤ | ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | 2018 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠡᠶᠡᠴᠢᠯᠡᠨ ᠭᠦᠢᠴᠡᠳᠬᠡᠭᠡᠷᠡᠢ᠃ | ᠬᠥᠬᠡᠬᠤᠲᠠ ᠶᠢᠨ ᠰᠢᠨᠡᠴᠢᠯᠡᠯᠲᠡ ᠡᠭᠦᠳᠦᠯᠲᠡ ᠶᠢ ᠬᠥᠬᠢᠭᠦᠯᠦᠨ ᠳᠡᠮᠵᠢᠬᠦ | ᠪᠡᠯᠡ ᠮᠥᠩᠭᠦ ᠶᠢᠨ ᠬᠦᠦ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ | ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠭᠡᠨ ᠳᠤ ᠰᠢᠨᠡᠴᠢᠯᠡᠯᠲᠡ ᠬᠢᠵᠦ ᠂ ᠡᠳ᠋ ᠤᠨ ᠵᠠᠰᠠᠭ ᠤᠨ ᠪᠡᠯᠡ | ᠮᠥᠩᠭᠦᠨ ᠤ ᠵᠢᠯᠣᠭᠤᠳᠤᠮᠵᠢ ᠶᠢᠨ ᠶᠡᠬᠡᠰᠬᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯᠡᠰ᠂ ᠰᠠᠭᠤᠷᠢ ᠮᠥᠩᠭᠦ︶ ᠶᠢᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2014 ︺64 ᠳ᠋ᠦ᠋ᠭᠡᠷ ᠲᠣᠭᠠᠲᠤ︶᠂ ︽ᠰᠢᠨᠵᠢᠯᠡᠬᠦ | ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ ᠴᠠᠬᠢᠯᠭᠠᠨ ︹2015︺23 ᠳ᠋ᠤᠭᠠᠷ ᠲᠣᠭᠠᠲᠤ︶ ᠪᠠ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠦᠨᠳᠦᠰᠦᠯᠡᠨ ᠲᠤᠰ ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠦᠢᠯ ᠪᠡᠯᠡ ᠮᠥᠩᠭᠦ ᠶᠢᠨ ᠳᠡᠮᠵᠢᠯᠭᠡ ᠣᠯᠭᠤᠬᠤ ᠵᠠᠷᠴᠢᠮ᠃ ᠰᠢᠨᠡᠴᠢᠯᠡᠯᠲᠡ ᠡᠭᠦᠳᠦᠯᠲᠡ ᠶᠢ | ᠬᠥᠬᠢᠭᠦᠯᠦᠨ ᠳᠡᠮᠵᠢᠬᠦ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠨᠢ ᠲᠣᠭᠲᠠᠭᠠᠯ ᠶᠣᠰᠣᠭᠠᠷ ᠭᠤᠶᠤᠴᠢᠯᠠᠬᠤ | ᠂ ᠲᠥᠪ ᠭᠤᠣᠯᠴᠢ ᠬᠦᠯᠢᠶᠡᠨ ᠠᠪᠴᠤ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠰᠢᠯᠢᠳᠡᠭ ᠢ ᠨᠢ | ᠰᠣᠩᠭᠤᠵᠤ ᠳᠡᠮᠵᠢᠬᠦ᠂ ᠢᠯᠡ ᠲᠣᠳᠣᠷᠬᠠᠶ ᠪᠠᠶᠢᠬᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠵᠠᠷᠴᠢᠮ ᠢ | ᠪᠠᠷᠢᠮᠲᠠᠯᠠᠨ᠎ᠠ᠃ | ᠬᠤᠶᠠᠳᠤᠭᠠᠷ ᠵᠦᠢᠯ ᠲᠣᠬᠢᠷᠠᠬᠤ ᠬᠡᠪᠴᠢᠶ᠎ᠡ᠃ ᠲᠤᠰ ᠠᠷᠭ᠎ᠠ ᠶᠢ ᠬᠤᠲᠠ ᠶᠢᠨ ᠰᠢᠨᠡᠴᠢᠯᠡᠯᠲᠡ | ᠡᠭᠦᠳᠦᠯᠲᠡ ᠶᠢ ᠬᠥᠬᠢᠭᠦᠯᠦᠨ ᠳᠡᠮᠵᠢᠬᠦ ᠪᠠᠯᠠ ᠮᠥᠩᠭᠦ ᠶᠢᠨ ᠬᠠᠮᠲᠤᠷᠠᠭᠰᠠᠨ ᠬᠤᠷᠠᠯ ᠠᠴᠠ ᠬᠢᠨᠠᠨ ᠲᠣᠭᠲᠠᠭᠠᠭᠰᠠᠨ | ᠰᠢᠨᠡᠴᠢᠯᠡᠯᠲᠡ ᠡᠭᠦᠳᠦᠯᠲᠡ ᠶᠢ ᠬᠥᠬᠢᠭᠦᠯᠦᠨ ᠳᠡᠮᠵᠢᠬᠦ ᠪᠠᠯᠠ ᠮᠥᠩᠭᠦ ᠶᠢᠨ ᠵᠢᠭᠡᠯᠡᠯᠭᠡ ᠶᠢᠨ ᠬᠦᠦ ᠳᠤ ᠨᠥᠬᠦᠪᠦᠷᠢ | ᠣᠯᠭᠤᠬᠤ ᠲᠥᠷᠥᠯ ᠵᠦᠢᠯ ᠳᠤ ᠬᠡᠷᠡᠭᠯᠡᠵᠦ᠂ ᠡᠳ᠋ ᠤᠨ ᠵᠠᠰᠠᠭ ᠤᠨ ᠲᠠᠮ ᠬᠦᠦ ᠮᠥᠩᠭᠦ ᠣᠯᠭᠤᠨ᠎ᠠ᠃ | ᠭᠤᠷᠪᠠᠳᠤᠭᠠᠷ ᠵᠦᠢᠯ ᠵᠢᠭᠡᠯᠡᠯᠭᠡ ᠶᠢᠨ ᠬᠦᠦ ᠳᠤ ᠨᠥᠬᠦᠪᠦᠷᠢ ᠣᠯᠭᠤᠬᠤ ᠬᠡᠮᠵᠢᠶ᠎ᠡ᠃ ᠠᠳᠠᠯᠢ | ᠬᠤᠭᠤᠴᠠᠭᠠᠨ ᠤ ᠠᠳᠠᠯᠢ ᠳᠡᠰ ᠤᠨ ᠰᠠᠭᠤᠷᠢ ᠪᠠᠷᠢᠮᠵᠢᠶ᠎ᠠ ᠬᠦᠦ ᠨᠤᠷᠮ᠎ᠠ ᠶᠢᠨ 50% ᠪᠠᠷ ᠬᠦᠦ ᠮᠥᠩᠭᠦ ᠶᠢᠨ | ᠨᠥᠬᠦᠪᠦᠷᠢ ᠣᠯᠭᠤᠵᠤ᠂ ᠵᠢᠯ ᠳᠤ ᠬᠠᠮᠤᠭ ᠶᠡᠭᠡ ᠳᠡᠭᠡᠨ 300 ᠲᠦᠮᠡᠨ ᠲᠥᠭᠦᠷᠢᠭ ᠢᠶᠠᠷ ᠬᠢᠵᠠᠭᠠᠷᠯᠠᠵᠤ᠂ ᠭᠠᠭᠴᠠ | ᠲᠥᠷᠥᠯ ᠵᠦᠢᠯ ᠤᠨ ᠬᠦᠦ ᠮᠥᠩᠭᠦ ᠶᠢᠨ ᠨᠥᠬᠦᠪᠦᠷᠢ ᠣᠯᠭᠤᠬᠤ ᠬᠤᠭᠤᠴᠠᠭ᠎ᠠ ᠶᠢ ᠬᠠᠮᠤᠭ ᠤᠳᠠᠭᠠᠨ ᠳᠤ ᠪᠠᠨ | ᠭᠤᠷᠪᠠᠨ ᠵᠢᠯ ᠢᠶᠠᠷ ᠬᠢᠵᠠᠭᠠᠷᠯᠠᠨ᠎ᠠ᠃ | ᠳᠥᠷᠪᠡᠳᠦᠭᠡᠷ ᠵᠦᠢᠯ ᠪᠡᠯᠡ ᠮᠥᠩᠭᠦ ᠶᠢᠨ ᠲᠥᠰᠦᠪ ᠤᠨ ᠲᠣᠬᠢᠷᠠᠭᠤᠯᠤᠯᠲᠠ᠃ 2017 ᠣᠨ ᠠᠴᠠ | ᠡᠬᠢᠯᠡᠨ᠂ ᠵᠢᠯ ᠪᠦᠷᠢ ᠲᠥᠰᠦᠪ ᠤᠨ ᠬᠠᠤᠯᠢ ᠵᠢᠴᠢ ᠬᠤᠲᠠ ᠶᠢᠨ ᠱᠠᠲᠤᠨ ᠤ ᠲᠥᠰᠦᠪ ᠤᠨ ᠣᠷᠣᠨ ᠲᠤᠭ᠎ᠠ ᠶᠢᠨ | ᠬᠠᠮᠢᠶᠠᠷᠤᠯᠲᠠ ᠶᠢᠨ ᠲᠣᠭᠲᠠᠭᠠᠯ ᠵᠢᠴᠢ ᠬᠤᠲᠠ ᠶᠢᠨ ᠰᠢᠨᠡᠴᠢᠯᠡᠯᠲᠡ ᠡᠭᠦᠳᠦᠯᠲᠡ ᠶᠢ ᠬᠥᠬᠢᠭᠦᠯᠦᠨ ᠳᠡᠮᠵᠢᠬᠦ ᠪᠠᠯᠠ | ᠮᠥᠩᠭᠦ ᠶᠢᠨ ᠬᠠᠮᠲᠤᠷᠠᠭᠰᠠᠨ ᠬᠤᠷᠠᠯ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠶᠣᠰᠣᠭᠠᠷ ᠲᠣᠬᠢᠷᠠᠭᠤᠯᠣᠨ᠎ᠠ᠃ | ᠲᠠᠪᠤᠳᠤᠭᠠᠷ ᠵᠦᠢᠯ ᠪᠡᠯᠡ ᠮᠥᠩᠭᠦ ᠰᠠᠯᠭᠠᠨ ᠥᠭᠬᠦ ᠠᠯᠬᠤᠮ ᠳᠠᠷᠠᠭ᠎ᠠ᠃ ᠡᠯ᠎ᠡ ᠠᠵᠤ ᠠᠬᠤᠶᠢᠯᠠᠯ ᠵᠢᠯ | ᠪᠦᠷᠢ ᠳᠤ ᠬᠦᠦ ᠮᠥᠩᠭᠦ ᠶᠢᠨ ᠨᠥᠬᠦᠪᠦᠷᠢ ᠶᠢᠨ ᠭᠤᠶᠤᠴᠢᠯᠠᠯ᠂ ᠵᠢᠭᠡᠯᠡᠯᠭᠡ ᠶᠢᠨ ᠲᠥᠷᠥᠯ ᠵᠦᠢᠯ᠂ ᠭᠡᠷ᠎ᠡ᠂ | ᠵᠣᠭᠤᠰ ᠤᠨ ᠲᠤᠭ᠎ᠠ᠂ ᠪᠠᠩᠬᠢ ᠶᠢᠨ ᠬᠦᠦ ᠮᠥᠩᠭᠦ ᠶᠢᠨ ᠬᠠᠭᠤᠳᠠᠰᠤ᠂ ᠠᠵᠤ ᠠᠬᠤᠶᠢᠯᠠᠯ ᠤᠨ ᠮᠠᠲ᠋ᠧᠷᠢᠶᠠᠯ ᠤᠨ | ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢᠶᠠᠨ ᠡᠯ᠎ᠡ | ᠲᠥᠷᠥᠯ ᠵᠦᠢᠯ ᠤᠨ ᠬᠠᠮᠲᠤᠷᠠᠭᠰᠠᠨ ᠬᠤᠷᠠᠯ ᠤᠨ ᠰᠣᠩᠭᠤᠨ ᠲᠠᠨᠢᠯᠴᠠᠭᠤᠯᠤᠭᠰᠠᠨ ᠪᠠᠶᠢᠭᠤᠯᠭ᠎ᠠ ᠳᠤ ᠮᠡᠳᠡᠭᠦᠯᠵᠦ᠂ | ᠡᠯ᠎ᠡ ᠰᠣᠩᠭᠤᠨ ᠲᠠᠨᠢᠯᠴᠠᠭᠤᠯᠤᠭᠰᠠᠨ ᠪᠠᠶᠢᠭᠤᠯᠭ᠎ᠠ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ | ᠳᠠᠷᠠᠭ᠎ᠠ ᠠᠯᠪᠠᠨ ᠪᠢᠴᠢᠭ ᠤᠨ ᠮᠠᠶ᠋ᠢᠭ ᠢᠶᠠᠷ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ᠎ᠡ ︵ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶᠃ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ | ᠵᠢᠯ ᠪᠦᠷᠢ ᠶᠢᠨ 10 ᠳ᠋ᠤᠭᠠᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠤᠨ | ᠬᠤᠭᠤᠴᠠᠭᠠᠨ ᠳᠤ ᠬᠦᠦ ᠮᠥᠩᠭᠦ ᠨᠥᠬᠦᠪᠦᠷᠢᠯᠡᠬᠦ ᠲᠥᠷᠥᠯ ᠵᠦᠢᠯ ᠢ ᠬᠢᠨᠠᠬᠤ ᠠᠵᠢᠯ ᠢ ᠲᠥᠪᠯᠡᠷᠡᠭᠦᠯᠦᠨ | ᠭᠦᠢᠴᠡᠳᠬᠡᠨ᠎ᠡ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠡᠯ᠎ᠡ ᠪᠦᠷᠢᠯᠳᠦᠬᠦᠨ ᠨᠢᠭᠡᠴᠡ ᠶᠢᠨ | ᠮᠡᠳᠡᠭᠦᠯᠦᠭᠰᠡᠨ ᠠᠵᠤ ᠠᠬᠤᠶᠢᠯᠠᠯ ᠪᠠ ᠵᠢᠭᠡᠯᠡᠯᠭᠡ ᠶᠢᠨ ᠲᠦᠷᠦᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠲᠤᠰ ᠵᠢᠯ ᠤᠨ ᠲᠤᠭᠤᠷᠪᠢᠭᠰᠠᠨ ᠬᠦᠦ ᠮᠥᠩᠭᠦ ᠨᠥᠬᠦᠪᠦᠷᠢᠯᠡᠬᠦ ᠲᠥᠷᠥᠯ ᠵᠦᠢᠯ ᠪᠠ ᠬᠦᠦ ᠮᠥᠩᠭᠦ ᠨᠥᠬᠦᠪᠦᠷᠢᠯᠡᠬᠦ | ᠲᠤᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃ | ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠬᠢᠨᠠᠨ | ᠬᠠᠷᠭᠤᠭᠤᠯᠤᠭᠰᠠᠨ ᠰᠠᠨᠠᠯ ᠢ ᠦᠨᠳᠦᠰᠦᠯᠡᠨ᠂ ᠲᠣᠭᠲᠠᠭᠠᠯ ᠳᠤ ᠨᠡᠶᠢᠴᠡᠬᠦ ᠵᠢᠭᠡᠯᠡᠯᠭᠡ ᠶᠢᠨ ᠬᠦᠦ ᠮᠥᠩᠭᠦ ᠶᠢᠨ ᠲᠤᠭ᠎ᠠ | ᠬᠡᠮᠵᠢᠶ᠎ᠡ ᠶᠢ ᠬᠢᠨᠠᠨ ᠬᠠᠷᠭᠤᠭᠤᠯᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ᠂ ᠪᠡᠯᠡ ᠮᠥᠩᠭᠦ ᠶᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ ᠳᠤ ᠪᠠᠭᠤᠯᠭᠠᠵᠤ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠠᠵᠤ | ᠠᠬᠤᠶᠢᠯᠠᠯ ᠤᠨ ᠳᠠᠩᠰᠠ ᠪᠠᠶᠢᠭᠤᠯᠤᠭᠰᠠᠨ ᠪᠠᠩᠬᠢ ᠳᠤ ᠰᠠᠯᠭᠠᠨ ᠥᠭᠭᠦᠨ᠎ᠡ᠃ | ᠵᠢᠷᠭᠤᠳᠤᠭᠠᠷ ᠵᠦᠢᠯ ᠪᠡᠯᠡ ᠮᠥᠩᠭᠦᠨ ᠤ ᠦᠷ᠎ᠡ ᠪᠦᠲᠦᠮᠵᠢ ᠶᠢᠨ ᠦᠨᠡᠯᠡᠯᠲᠡ᠃ ᠬᠠᠮᠲᠤᠷᠠᠭᠰᠠᠨ | ᠬᠤᠷᠠᠯ ᠤᠨ ᠡᠯ᠎ᠡ ᠪᠦᠷᠢᠯᠳᠦᠬᠦᠨ ᠨᠢᠭᠡᠴᠡ ᠬᠡᠨ ᠲᠠᠨᠢᠯᠴᠠᠭᠤᠯᠤᠭᠰᠠᠨ ᠪᠣᠯ ᠬᠡᠨ ᠬᠠᠷᠢᠭᠤᠴᠠᠬᠤ ᠵᠠᠷᠴᠢᠮ ᠶᠣᠰᠣᠭᠠᠷ᠂ | ᠵᠢᠯ ᠪᠦᠷᠢ ᠲᠤᠬᠠᠢ ᠶᠢᠨ ᠪᠡᠯᠡ ᠮᠥᠩᠭᠦ ᠶᠢᠨ ᠬᠡᠷᠡᠭᠯᠡᠭᠡᠨ ᠳᠤ ᠦᠷ᠎ᠡ ᠪᠦᠲᠦᠮᠵᠢ ᠶᠢᠨ ᠦᠨᠡᠯᠡᠯᠲᠡ ᠬᠢᠵᠦ᠂ ᠵᠢᠯ | ᠪᠦᠷᠢ ᠶᠢᠨ 11 ᠳ᠋ᠦ᠋ᠭᠡᠷ ᠰᠠᠷ᠎ᠠ ᠳᠤ᠂ ᠦᠨᠡᠯᠡᠭᠰᠡᠨ ᠦᠷ᠎ᠡ ᠳ᠋ᠦᠩ ᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ | ᠮᠡᠳᠡᠭᠦᠯᠵᠦ᠂ ᠬᠦᠦ ᠮᠥᠩᠭᠦ ᠶᠢᠨ ᠨᠥᠬᠦᠪᠦᠷᠢ ᠣᠯᠭᠤᠬᠤ ᠲᠥᠷᠥᠯ ᠵᠦᠢᠯ ᠢ ᠬᠢᠨᠠᠨ ᠬᠠᠷᠭᠤᠭᠤᠯᠬᠤ ᠦᠨᠳᠦᠰᠦ | ᠪᠠᠷᠢᠮᠲᠠ ᠪᠣᠯᠭᠠᠨ᠎ᠠ᠃ | ᠳᠣᠯᠣᠳᠤᠭᠠᠷ ᠵᠦᠢᠯ ᠪᠡᠯᠡ ᠮᠥᠩᠭᠦ ᠶᠢᠨ ᠬᠢᠨᠠᠨ ᠬᠠᠮᠢᠶᠠᠷᠤᠯᠲᠠ᠃ ᠬᠤᠰᠢᠭᠤ ᠰᠢᠶᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠲᠠᠢ᠃ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠨ᠂ ᠬᠠᠭᠤᠷᠮᠠᠭᠯᠠᠨ ᠪᠡᠯᠡ ᠮᠥᠩᠭᠦ ᠠᠪᠤᠭᠰᠠᠨ ᠠᠵᠤ ᠠᠬᠤᠶᠢᠯᠠᠯ ᠢ ︽ᠡᠳ᠋ ᠤᠨ | ᠵᠠᠰᠠᠭ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠰᠢᠢᠳᠬᠡᠬᠦ ᠲᠦᠷᠢᠮ︾ ᠵᠡᠷᠭᠡ ᠤᠯᠤᠰ ᠤᠨ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠨᠠᠢᠮᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 5 ᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠨᠢᠭᠡᠳᠦᠯᠲᠡᠶ ᠳ᠋ᠤᠭᠠᠷ | ᠨᠢ᠄ ZG-2018-1᠃ |