ᠦᠪᠦᠷ ᠮᠣᠩᠭᠤᠯ ᠡᠷᠡᠬᠦᠯ ᠮᠡᠨᠳᠤ ᠪᠠᠷ ᠶᠠᠳᠠᠭᠤ ᠶᠢ ᠲᠡᠳᠬᠦᠵᠤ 14.1 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠪᠠ
ᠨᠡᠶᠢᠲᠡᠯᠡᠭᠰᠡᠨ ᠴᠠᠭ᠄
2018-12-06
      ᠰᠢᠨᠬᠤᠸᠠ ᠨᠧᠲ ᠬᠦᠬᠡᠬᠤᠳᠠ ᠶᠢᠨ 12 ᠰᠠᠷ᠎ᠠ ᠶᠢᠨ 4 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠠᠨ ᠯᠦ ᠮᠧᠩ︶ ᠰᠤᠷᠪᠤᠯᠵᠢᠯᠠᠭᠴᠢ ᠤᠶᠢᠷ᠎ᠠ ᠳᠤ ᠬᠤᠷᠠᠯᠳᠤᠭᠰᠠᠨ ᠦᠪᠦᠷ ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠬᠤᠷᠠᠯ ᠠᠴᠠ ᠤᠶᠢᠯᠠᠭᠠᠭᠰᠠᠨ ᠢᠶᠠᠷ᠂ ᠦᠪᠦᠷ ᠮᠣᠩᠭᠤᠯ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠦᠴᠦᠯᠡᠨ ᠠᠬᠢᠭᠤᠯᠵᠤ᠂ ᠤᠷᠤᠨ ᠲᠠᠶᠠᠭᠠᠷ ᠤᠨ 31.3 ᠲᠦᠮᠡᠨ ᠶᠠᠳᠠᠭᠤ ᠠᠴᠠ ᠠᠩᠬᠢᠵᠢᠷᠠᠭᠤᠯᠬᠤ ᠡᠷᠦᠬᠡ ᠠᠴᠠ ᠡᠪᠡᠳᠴᠢᠨ ᠠᠴᠠ ᠪᠤᠯᠵᠤ ᠶᠠᠳᠠᠭᠤᠷᠠᠭᠰᠠᠨ 14.1 ᠲᠦᠮᠡᠡ ᠡᠷᠦᠬᠡ ᠶᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠡᠷᠦᠬᠡ ᠶᠢᠨ 45% ᠶᠢ ᠡᠵᠡᠯᠡᠭᠰᠡᠨ ᠪᠠᠶᠢᠨ᠎ᠠ᠃      ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠨᠠᠮ ᠤᠨ ᠲᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠬᠤᠩ ᡁᠢ᠂ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠬᠦᠯᠦᠭᠰᠡᠨ ᠠᠴᠠ ᠨᠠᠰᠢ ᠦᠪᠦᠷ ᠮᠣᠩᠭᠤᠯ ᠬᠦᠳᠡᠭᠡ ᠲᠤᠰᠬᠤᠨ ᠮᠠᠯᠵᠢᠬᠤ ᠤᠷᠤᠨ ᠤ ᠶᠠᠳᠠᠭᠤ ᠬᠦᠴᠢᠷᠳᠡᠯᠲᠡᠢ ᠬᠦᠮᠤᠨ ᠠᠮᠠ ᠶᠢᠨ ︽ᠡᠪᠡᠳᠴᠢᠨ ᠢᠶᠠᠨ ᠦᠵᠡᠬᠦᠯᠵᠤ ᠲᠡᠶᠢᠯᠬᠦ᠂ ᠡᠳᠡᠬᠡᠷᠡᠬᠦᠯᠬᠦ᠂ ᠡᠪᠡᠳᠴᠢᠨ ᠦᠵᠡᠬᠦᠯᠬᠦ ᠳᠤ ᠲᠦᠬᠦᠮ᠂ ᠡᠪᠡᠳᠴᠢᠨ ᠳᠤ ᠨᠡᠷᠪᠡᠭᠳᠡᠬᠦ ᠦᠭᠡᠢ︾ ᠪᠠᠶᠢᠬᠤ ᠬᠠᠷᠠᠯᠳᠠ ᠶᠢᠨ ᠲᠤᠭᠤᠷᠢᠨ ᠳᠤ ᠨᠢᠬᠡᠳᠤᠯᠲᠡᠢ ᠲᠦᠯᠦᠪᠵᠢᠬᠦᠯᠦᠨ ᠤᠨᠢᠨ ᠲᠡᠭᠡᠷ᠎ᠡ ᠨᠢ ᠠᠷᠭ᠎ᠠ ᠬᠡᠮᠵᠢᠶ᠎ᠡ ᠠᠪᠴᠤ ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠳᠤ ᠱᠠᠳᠤᠴᠢ ᠴᠢᠨᠠᠷ ᠲᠠᠢ ᠦᠷ᠎ᠡ ᠪᠦᠲᠦᠮᠵᠢ ᠤᠯᠵᠤ ᠪᠤᠢ ᠬᠡᠵᠤ ᠢᠯᠡᠷᠬᠡᠶᠢᠯᠡᠪᠡ᠃      ᠡᠬᠦᠨ ᠤ ᠬᠠᠮᠳᠤ᠂ ᠶᠠᠳᠠᠭᠤ ᠬᠦᠴᠢᠷᠳᠡᠯᠲᠡᠢ ᠪᠦᠰᠡ ᠨᠤᠳᠤᠭ ᠤᠨ ᠦᠨᠳᠤᠰᠦᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢ ᠲᠡᠭᠡᠭᠰᠢᠯᠡᠬᠦᠯᠬᠦ ᠠᠵᠢᠯᠯᠠᠭ᠎ᠠ ᠶᠢ ᠦᠷᠨᠢᠬᠦᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠰᠢᠶᠠᠨ ᠤ ᠵᠡᠷᠬᠡᠯᠡᠯ ᠤᠨ ᠠᠯᠪᠠᠨ ᠠᠴᠠ ᠡᠷᠬᠢᠯᠡᠭᠰᠡᠨ 1-2 ᠡᠮᠨᠡᠯᠬᠡ ᠶᠢ ᠰᠠᠶᠢᠳᠤᠷ ᠪᠠᠶᠢᠭᠤᠯᠬᠤ ᠶᠢᠨ ᠬᠠᠮᠳᠤ ᠭᠤᠷᠪᠠᠨ ᠱᠠᠳᠤ ᠬᠤᠯᠪᠤᠭᠠᠯᠠᠭᠰᠠᠨ ᠰᠢᠶᠠᠨ ᠤ ᠬᠡᠪᠴᠢᠶᠡᠨ ᠳᠠᠬᠢ ᠡᠮᠴᠢᠯᠡᠬᠡᠨ ᠤ ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠬᠤ ᠶᠢ ᠪᠠᠳᠤᠯᠠᠨ᠎ᠠ᠃ ᠭᠤᠷᠪᠠᠳᠤᠭᠠᠷ ᠲᠡᠰ ᠤᠨ ᠡᠮᠨᠡᠯᠬᠡ ᠶᠢᠨ ᠠᠵᠢᠯ ᠲᠦᠷᠦᠯ ᠢᠶᠠᠷ ᠲᠤᠰᠠᠯᠠᠬᠤ ᠶᠢ ᠦᠷᠬᠦᠯᠵᠢᠯᠡᠨ ᠠᠬᠢᠭᠤᠯᠵᠤ᠂ ᠠᠯᠤᠰ ᠠᠴᠠ ᠡᠵᠡᠮᠳᠡᠬᠦ ᠡᠮᠴᠢᠯᠡᠬᠡᠨ ᠤ ᠦᠢᠯᠡᠴᠢᠯᠡᠭᠡ ᠶᠢ ᠦᠷᠬᠡᠨ ᠬᠠᠮᠤᠷᠠᠭᠤᠯᠵᠤ᠂ ︽ᠢᠨᠲ᠋ᠧᠷᠨᠧᠲ + ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ︾ ᠬᠡᠷᠡᠭᠯᠡᠬᠡᠨ ᠤ ᠲᠤᠷᠰᠢᠯᠳᠠ ᠶᠢᠨ ᠴᠢᠭ ᠤᠨ ᠲᠦᠰᠦᠯ ᠢ ᠬᠡᠷᠡᠭᠵᠢᠬᠦᠯᠦᠨ᠎ᠡ᠃
 
ᠢᠷᠡᠯᠲᠡ᠄ ᠰᠢᠨᠬᠤᠸᠠ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号