ᠪᠥᠬᠦ ᠰᠢᠶᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-12-07
     ᠣᠶᠢᠷ᠎ᠠ ᠶᠢᠨ ᠡᠳᠤᠷ᠂ ᠪᠥᠬᠦ ᠰᠢᠶᠠᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠠᠵᠢᠯ ᠤᠨ ᠬᠤᠷᠠᠯ ᠦᠴᠦᠸᠠᠨ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠱᠠᠲᠤᠯᠢᠭ ᠬᠤᠷᠠᠯ ᠤᠨ ᠭᠡᠷ ᠲᠤ ᠬᠤᠷᠠᠯᠳᠤᠵᠤ᠂ ᠢᠷᠡᠬᠦ ᠵᠢᠯ ᠤᠨ ᠪᠥᠬᠦ ᠰᠢᠶᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠭᠤᠣ ᠯᠠᠨ ᠭᠧᠨ᠂ ᠰᠢᠶᠠᠨ ᠤ ᠳᠡᠳ᠋ ᠳᠠᠷᠤᠭ᠎ᠠ᠂ ᠰᠢᠶᠠᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠡᠷᠬᠢᠯᠡᠭᠴᠢ ᠯᠢ ᠶᠢᠩ ᠴᠦᠨ ᠬᠤᠷᠠᠯ ᠳᠤ ᠣᠷᠤᠯᠴᠠᠪᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠤᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠤᠶᠢᠴᠢ ᠥᠶ᠎ᠡ ᠪᠠᠨ ᠬᠠᠮᠠᠭᠠᠯᠠᠬᠤ ᠠᠵᠢᠯ ᠤᠨ ᠺᠣᠮᠢᠰ ᠤᠨ ᠬᠠᠷᠢᠭᠤᠴᠠᠯᠭᠠᠲᠠᠳ᠂ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ ᠤᠨ ᠲᠥᠯᠦᠭᠡᠯᠡᠭᠴᠢ ᠵᠢᠴᠢ ᠰᠢᠶᠠᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠪᠥᠬᠦ ᠠᠵᠢᠯᠲᠠᠳ ᠬᠤᠷᠠᠯ ᠳᠤ ᠣᠷᠤᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠤᠨ᠂ ᠬᠤᠲᠠ ᠶᠢᠨ ᠬᠤᠶᠠᠷ ᠱᠠᠲᠤᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ︔ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠤᠨ ᠲᠡᠷᠢᠭᠦᠨ ᠤ ᠬᠠᠮᠲᠤ ᠨᠡᠶᠢᠲᠡ ᠪᠠ ᠬᠤᠪᠢ ᠬᠥᠮᠦᠨ ᠢ ᠮᠠᠭᠲᠠᠨ ᠰᠠᠶᠢᠰᠢᠶᠠᠭᠰᠠᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠪᠠᠶᠢᠳᠠᠯ ᠢ ᠲᠣᠳᠤᠷᠬᠠᠢ ᠲᠠᠨᠢᠵᠤ᠂ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠡᠭᠦᠷᠭᠡᠲᠤ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ ᠪᠠᠨ ᠨᠡᠮᠡᠭᠳᠡᠭᠦᠯᠵᠦ᠂ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠴᠠᠭ ᠥᠶ᠎ᠡ  ᠲᠠᠢ ᠬᠠᠮᠲᠣ ᠪᠠᠷ ᠤᠷᠤᠭᠰᠢᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠣᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠪᠠᠨ ᠳᠣᠪᠤᠶᠢᠯᠭᠠᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠤ ᠮᠤᠷᠠᠯ ᠤᠨ ᠪᠥᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠠᠯᠠᠭᠤᠴᠤᠳ ᠪᠠᠭᠠᠴᠤᠳ ᠢ ᠬᠠᠯᠠᠮᠵᠢᠯᠠᠬᠤ ᠬᠦᠳᠡᠯᠭᠡᠭᠡᠨ ᠢ ᠬᠦᠴᠦᠯᠡᠨ ᠥᠷᠨᠢᠭᠦᠯᠵᠤ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠳᠤ ᠦᠢᠯᠡᠴᠢᠯᠡᠵᠤ᠂ ᠥᠪᠡᠷ ᠪᠡᠶ᠎ᠡ ᠶᠢᠨ ᠪᠥᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠴᠠᠭᠠᠨ ᠰᠣᠳᠤᠯᠬᠤ ᠪᠠ ᠮᠡᠳᠡᠭᠡ ᠵᠠᠩᠬᠢ ᠶᠢᠨ ᠠᠵᠢᠯ ᠢ ᠴᠢᠩᠭᠠᠳᠬᠠᠵᠤ᠂ ᠬᠤᠶᠢᠴᠢ ᠥᠶ᠎ᠡ ᠪᠠᠨ ᠬᠠᠯᠠᠮᠵᠢᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ᠂ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠢ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠰᠢᠨ᠎ᠡ ᠪᠠᠶᠢᠳᠠᠯ ᠢ ᠪᠣᠢ ᠪᠤᠯᠭᠠᠬᠤ ᠬᠡᠷᠡᠭᠲᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号