ᠢᠤᠢ ᠴᠢᠤᠸᠠᠨ ᠲᠤᠭᠤᠷᠢᠭ ᠲᠤ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠡ ᠪᠠᠷᠢᠬᠤ ᠶᠢ ᠵᠦᠪᠰᠢᠶᠡᠷᠡᠬᠦ ︽ᠵᠠᠭᠤᠨ ᠡᠳᠦᠷ ᠤᠨ ᠰᠢᠪᠳᠤᠯᠤᠯᠲᠠ︾ ᠶᠢᠨ ᠲᠤᠰᠬᠠᠢ ᠰᠡᠳᠦᠪᠲᠦ ᠲᠦᠯᠬᠢᠨ ᠠᠬᠢᠭᠤᠯᠬᠤ ᠬᠤᠷᠠᠯ ᠪᠣᠯᠪᠠ
ᠨᠡᠶᠢᠲᠡᠯᠡᠭᠰᠡᠨ ᠴᠠᠭ᠄
2018-03-10
      ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠲᠠᠷᠬᠠᠭᠠᠬᠤ ᠠᠵᠢᠯ ᠤᠨ ᠠᠬᠢᠴᠠ ᠶᠢ ᠲᠦᠷᠭᠡᠳᠭᠡᠨ ᠲᠤᠭᠲᠠᠭᠰᠠᠨ ᠴᠠᠭ ᠲᠠᠭᠠᠨ ᠠᠵᠢᠯ ᠢᠶᠠᠨ ᠪᠡᠶᠡᠯᠡᠭᠦᠯᠬᠦ ᠶᠢᠨ ᠲᠥᠯᠥᠭᠡ 2018 ᠤᠨ ᠤ 3 ᠰᠠᠷ᠎ᠠ ᠶᠢᠨ 7 ᠤ ᠦᠳᠡ ᠶᠢᠨ ᠡᠮᠦᠨ᠎ᠡ ᠢᠤᠢ ᠴᠢᠤᠸᠠᠨ ᠲᠤᠭᠤᠷᠢᠭ ᠲᠤ ᠬᠦᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠲᠠᠷᠬᠠᠭᠠᠬᠤ ᠠᠵᠢᠯ ᠤᠨ ︽ᠵᠠᠭᠤᠨ ᠡᠳᠦᠷ ᠤᠨ ᠰᠢᠪᠳᠤᠯᠤᠯᠲᠠ︾ ᠶᠢᠨ ᠲᠤᠰᠬᠠᠢ ᠰᠡᠳᠦᠪᠲᠦ ᠠᠬᠢᠭᠤᠯᠤᠯᠲᠠ ᠶᠢᠨ ᠬᠤᠷᠠᠯ ᠢ ᠬᠤᠷᠠᠯᠳᠤᠵᠠᠢ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠶᠦᠨ ᠭᠦᠸᠧ ᠰᠢᠶᠠᠨ᠂ ᠢᠤᠢ ᠴᠢᠤᠸᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ  ᠂ ᠲᠤᠭᠤᠷᠢᠭ ᠤᠨ ᠳᠡᠳ᠋ ᠲᠠᠷᠤᠭ᠎ᠠ  ᠸᠠᠩ ᠴᠢᠩ᠂ ᠢᠤᠢ ᠴᠢᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠵᠤᠤ ᠳ᠋ᠧ ᠢᠤᠢ ᠵᠢᠴᠢ ᠡᠷᠬᠡ ᠪᠠᠷᠢᠬᠤ ᠶᠢ ᠵᠦᠪᠰᠢᠶᠡᠷᠡᠬᠦ ᠤᠳᠤᠷᠢᠳᠬᠤ ᠪᠠᠭ ᠤᠨ ᠭᠡᠰᠢᠭᠦᠳ ᠤᠨ ᠪᠠᠶᠢᠭᠤᠯᠭ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠠᠷᠢᠶᠠᠯᠠᠩ ᠳᠤ ᠬᠠᠮᠢᠶᠠᠲᠠᠢ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃      ᠬᠤᠷᠠᠯ ᠳᠤ ᠢᠤᠢ ᠴᠢᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠵᠤᠤ ᠳ᠋ᠧ ᠢᠤᠢ ᠦᠪᠡᠷᠲᠡᠭᠡᠨ ᠵᠠᠰᠠᠬᠤ ᠤᠷᠤᠨ ᠤ ︽ᠭᠠᠵᠠᠷ ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠲᠠᠷᠬᠠᠭᠠᠬᠤ ᠠᠵᠢᠯ ᠤᠨ ᠲᠤᠬᠠᠢ ᠲᠠᠬᠢᠨᠳᠠ ᠮᠡᠳᠡᠭᠳᠡᠯ︾ ᠢ  ᠲᠠᠮᠵᠢᠭᠤᠯᠵᠤ᠂ ᠭᠠᠵᠠᠷ ᠰᠢᠷᠤᠢ ᠶᠢᠨ ᠡᠷᠬᠡ ᠶᠢ ᠨᠤᠲᠠᠯᠠᠨ ᠲᠤᠭᠲᠠᠭᠠᠬᠤ ᠶᠠᠰᠤ ᠴᠢᠨᠠᠷ ᠤᠨ ᠪᠤᠭᠤᠮᠳᠠ ᠶᠢ ᠴᠢᠩᠭ᠎ᠠ  ᠠᠳᠬᠤᠬᠤ᠂ ᠭᠠᠵᠠᠷ ᠰᠢᠷᠤᠢ ᠶᠢᠨ ᠡᠷᠡᠭᠡ ᠶᠢ ᠨᠤᠲᠠᠯᠠᠨ ᠲᠤᠭᠲᠠᠭᠠᠬᠤ ᠲᠠᠩᠰᠠ ᠶᠢᠨ ᠬᠠᠮᠢᠶᠠᠷᠤᠯᠲᠠ ᠶᠢ ᠲᠦᠷᠢᠮᠵᠢᠭᠦᠯᠬᠦ᠂ ᠭᠠᠵᠠᠷ ᠰᠢᠷᠤᠢ ᠶᠢᠨ ᠡᠷᠬᠡ ᠶᠢ ᠨᠤᠲᠠᠯᠠᠬᠤ ᠠᠵᠢᠯ ᠤᠨ ᠲᠤᠭᠲᠠᠭᠰᠠᠨ ᠴᠠᠭ ᠲᠤ ᠪᠡᠶᠡᠯᠡᠭᠦᠯᠬᠦ ᠶᠢ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠤᠪᠴᠢᠶᠠᠨ ᠤ ᠡᠷᠬᠢᠯᠡᠨ ᠬᠠᠮᠢᠶᠠᠷᠬᠤ ᠦᠷᠲᠡᠭᠡᠨ ᠤ ᠦᠷᠲᠡᠭᠡᠨ ᠲᠠᠷᠤᠭ᠎ᠠ ᠯᠢᠶᠠᠨ ᠵᠢᠶᠦ᠋ᠨ ᠯᠢᠶᠠᠨ ᠦᠪᠡᠷᠲᠡᠭᠡᠨ ᠵᠠᠰᠠᠬᠤ ᠤᠷᠤᠨ ᠤ ︽ᠬᠦᠳᠡᠭᠡ ᠲᠤᠰᠬᠤᠨ ᠮᠠᠯᠵᠢᠬᠤ ᠤᠷᠤᠨ ᠤ ᠭᠠᠵᠠᠷ ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠪᠠᠷᠢᠬᠤ ᠶᠢ ᠵᠦᠪᠰᠢᠶᠡᠷᠡᠬᠦ ᠦᠨᠡᠮᠯᠡᠯ ᠲᠠᠷᠬᠠᠭᠠᠬᠤ ᠠᠵᠢᠯ ᠤᠨ ︿ᠵᠠᠭᠤᠨ ᠡᠳᠦᠷ ᠤᠨ ᠰᠢᠪᠳᠤᠯᠤᠯᠲᠠ﹀ ᠶᠢᠨ ᠠᠵᠢᠯᠯᠠᠭ᠎ᠠ ᠶᠠᠪᠤᠭᠳᠠᠭᠤᠯᠬᠤ ᠰᠠᠨᠠᠭᠠᠴᠢᠯᠠᠭ᠎ᠠ ᠶᠢᠨ ᠪᠢᠴᠢᠭ︾ ᠪᠠ ᠡᠷᠬᠡ ᠶᠢ ᠵᠦᠪᠰᠢᠶᠡᠷᠡᠬᠦ ᠠᠵᠢᠯ ᠤᠨ ᠠᠬᠢᠴᠠ ᠶᠢᠨ ᠪᠠᠶᠢᠳᠠᠯ ᠢ ᠲᠠᠮᠵᠢᠭᠤᠯᠵᠠᠢ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠶᠢᠨ ᠲᠤᠪᠴᠢᠶᠠᠨ ᠲᠡᠳ᠋ ᠲᠠᠷᠤᠭ᠎ᠠ ᠶᠦᠨ ᠭᠦᠸᠧ ᠰᠢᠶᠠᠨ ᠬᠤᠷᠠᠯ ᠳᠤ  ᠲᠤᠷᠠᠳᠤᠭᠰᠠᠨ ᠨᠢ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠡᠷᠭᠡᠪᠰᠢ ᠬᠦᠳᠡᠭᠡ ᠲᠤᠰᠬᠤᠨ ᠤ ᠡᠷᠬᠡ  ᠶᠢ ᠵᠦᠪᠰᠢᠶᠡᠷᠡᠬᠦ ᠰᠢᠪᠳᠤᠯᠤᠯᠲᠠ ᠶᠢ ᠢᠯᠠᠵᠤ᠂ ᠪᠢᠳᠡ ᠠᠷᠪᠠᠨ ᠴᠤᠪᠤᠷᠠᠯ ᠢ ᠴᠢᠩᠭ᠎ᠠ ᠵᠢᠷᠤᠮᠯᠠᠨ᠂ ᠭᠤᠷᠪᠠᠨ ᠵᠤᠷᠪᠤᠰ ᠬᠠᠮᠤᠭ ᠲᠤᠤᠷ᠎ᠠ ᠪᠠᠷᠢᠮᠵᠢᠶ᠎ᠠ ᠶᠢ ᠪᠠᠷᠢᠮᠳᠠᠯᠠᠵᠤ᠂ ᠬᠢᠨᠠᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ ᠲᠤᠰ ᠠᠵᠢᠯ ᠤᠨ ᠪᠣᠲᠠᠲᠤ ᠠᠮᠵᠢᠯᠲᠠ ᠣᠯᠬᠤ ᠶᠢ ᠪᠠᠲᠤᠯᠠᠨ᠎ᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠠᠷᠢᠶᠠᠯᠠᠩ ᠳᠤ ᠬᠠᠮᠢᠶᠠᠲᠠᠢ ᠭᠤᠤᠯᠳᠠᠯᠭᠠᠲᠤ ᠤᠳᠤᠷᠢᠳᠤᠯᠭ᠎ᠠ  ᠡᠷᠬᠡ ᠶᠢ ᠵᠦᠪᠰᠢᠶᠡᠷᠡᠬᠦ ᠠᠵᠢᠯ ᠤᠨ ᠠᠬᠢᠴᠠ᠂ ᠠᠵᠢᠯ ᠳᠤ ᠤᠷᠤᠰᠢᠵᠤ ᠪᠠᠶᠢᠬᠤ ᠠᠰᠠᠭᠤᠳᠠᠯ ᠪᠠ ᠬᠤᠵᠢᠮ ᠤᠨ ᠠᠵᠢᠯ ᠤᠨ ᠭᠤᠤᠯᠳᠠᠯᠭ᠎ᠠ  ᠳᠤ ᠰᠠᠨᠠᠯ ᠢᠶᠠᠨ ᠢᠯᠡᠳᠭᠡᠵᠡᠢ᠃      ᠢᠤᠢ ᠴᠢᠤᠸᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦᠭ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠲᠤᠭᠤᠷᠢᠭ ᠤᠨ ᠲᠡᠳ᠋ ᠲᠠᠷᠤᠭ᠎ᠠ ᠸᠠᠩ ᠴᠢᠩ ᠲᠤᠰ ᠰᠠᠷ᠎ᠠ ᠠᠴᠠ ᠡᠬᠢᠯᠡᠨ ᠪᠢᠳᠡ ᠭᠠᠵᠠᠷ ᠰᠢᠷᠤᠢ ᠶᠢᠨ ᠡᠷᠬᠡ ᠶᠢ ᠵᠥᠪᠰᠢᠶᠡᠷᠡᠬᠦ  ︽ᠵᠠᠭᠤᠨ ᠡᠳᠦᠷ ᠤᠨ ᠰᠢᠪᠳᠤᠯᠤᠯᠲᠠ︾ ᠪᠠᠷ ᠭᠤᠤᠯᠳᠠᠯᠭ᠎ᠠ ᠪᠤᠯᠭᠠᠵᠤ᠂ ᠲᠤᠰ ᠠᠵᠢᠯ ᠢ ᠰᠠᠶᠢᠳᠤᠷ ᠬᠢᠬᠦ ᠶᠢ ᠴᠢᠬᠤᠯᠠᠴᠢᠯᠠᠵᠠᠢ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠤᠰ ᠠᠵᠢᠯ ᠢ ᠭᠤᠤᠯᠳᠠᠯᠭ᠎ᠠ  ᠪᠤᠯᠭᠠᠵᠤ᠂ ᠲᠤᠰ ᠲᠤᠰ ᠤᠨ ᠡᠭᠦᠷᠭᠡ ᠴᠢᠳᠠᠮᠵᠢ ᠪᠠᠨ ᠦᠨᠳᠦᠰᠦᠯᠡᠨ᠂ ᠨᠠᠷᠢᠨ ᠬᠢᠨᠠᠮᠠᠭᠠᠢ ᠦᠷᠨᠢᠭᠦᠯᠵᠦ᠂ ᠨᠢᠭᠲᠠ ᠬᠠᠮᠵᠢᠯᠴᠠᠨ ᠠᠵᠢᠯ ᠤᠨ ᠪᠠᠴᠢᠮ ᠲᠤᠯᠭᠠᠮ᠎ᠠ ᠰᠡᠳᠭᠢᠯ ᠢᠶᠠᠨ ᠨᠡᠮᠡᠭᠳᠡᠭᠦᠯᠦᠨ᠎ᠡ᠃ ᠰᠢᠷᠭᠠᠭᠤ ᠠᠵᠢᠯᠯᠠᠵᠤ᠂ ᠠᠵᠢᠯ ᠤᠨ ᠵᠣᠷᠢᠯᠭ᠎ᠠ ᠪᠠᠨ ᠲᠤᠲᠤᠷᠠᠭᠤᠯᠵᠤ᠂ ᠠᠵᠢᠯ ᠤᠨ ᠲᠥᠷᠢᠮ ᠲᠤᠭᠲᠠᠭᠠᠯ ᠢᠶᠠᠨ ᠪᠤᠲᠠᠲᠠᠶᠢᠵᠢᠭᠤᠯᠵᠤ᠂ ᠬᠠᠤᠯᠢ ᠲᠤᠭᠲᠠᠭᠠᠯ ᠶᠤᠰᠤᠭᠠᠷ  ᠡᠷᠬᠡ ᠶᠢ ᠪᠠᠲᠤᠯᠠᠬᠤ ᠠᠵᠢᠯ ᠤᠨ ᠤᠷᠤᠭᠰᠢᠲᠠᠢ ᠪᠡᠶᠡᠯᠡᠬᠦ ᠶᠢ ᠪᠠᠲᠤᠯᠠᠨ᠎ᠠ᠃      3ᠰᠠᠷ᠎ᠠ ᠶᠢᠨ7 ᠤ ᠦᠳᠡ ᠶᠢᠨ ᠬᠤᠶᠢᠨ᠎ᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠡᠷᠬᠢᠯᠡᠨ ᠬᠠᠮᠢᠶᠠᠷᠬᠤ ᠥᠷᠲᠡᠭᠡ ᠶᠢᠨ ᠥᠷᠲᠡᠭᠡᠨ ᠤ ᠲᠡᠳ᠋ ᠲᠠᠷᠤᠭ᠎ᠠ ᠯᠦ ᡁᠢ ᠶᠦᠩ᠂ ᠰᠠᠯᠠᠭᠠᠨ ᠲᠠᠷᠤᠭ᠎ᠠ  ᠴᠧᠨ ᠸᠧᠨ ᠰᠢᠶᠠ ᠮᠠᠨ ᠤ ᠲᠤᠭᠤᠷᠢᠭ ᠤᠨ ᠡᠯ᠎ᠡ ᠱᠠᠲᠤᠨ ᠤ ᠭᠠᠵᠠᠷ ᠰᠢᠷᠤᠢ ᠶᠢᠨ ᠡᠷᠬᠡ ᠶᠢ ᠵᠦᠪᠰᠢᠶᠡᠷᠡᠬᠦ ᠠᠵᠢᠯ ᠤᠨ ᠠᠵᠢᠯᠲᠠᠳ ᠲᠤ ᠡᠷᠬᠡ ᠶᠢ ᠵᠦᠪᠰᠢᠶᠡᠷᠡᠬᠦ ᠠᠵᠢᠯ ᠤᠨ ᠬᠠᠮᠢᠶᠠᠲᠠᠢ ᠲᠥᠷᠥ ᠶᠢᠨ ᠪᠤᠳᠤᠯᠭ᠎ᠠ ᠶᠢᠨ ᠪᠤᠯᠪᠠᠰᠤᠷᠠᠯ ᠬᠢᠵᠡᠢ᠃  ᠪᠦᠬᠦᠳᠡᠭᠡᠷ ᠢᠶᠠᠨ  ᠨᠠᠷᠢᠨ ᠬᠢᠨᠠᠮᠠᠭᠠᠢ ᠰᠤᠨᠤᠰᠴᠤ᠂ ᠲᠤᠲᠤᠷᠬᠠᠢ ᠲᠡᠮᠳᠡᠭᠯᠡᠵᠦ᠂ ᠢᠳᠡᠪᠬᠢᠲᠡᠢ ᠠᠰᠠᠭᠤᠯᠲᠠ ᠠᠰᠠᠭᠤᠵᠠᠢ᠃ ᠡᠨᠡ ᠤᠳᠠᠭᠠᠨ ᠤ ᠪᠤᠯᠪᠠᠰᠤᠷᠠᠯ ᠨᠢ ᠲᠠᠷᠠᠭ᠎ᠠ ᠠᠯᠬᠤᠮ ᠤᠨ ᠡᠷᠬᠡ ᠶᠢ ᠵᠦᠪᠰᠢᠶᠡᠷᠬᠦ ᠠᠵᠢᠯ ᠦᠷᠨᠢᠭᠦᠯᠬᠦ ᠳᠤ ᠰᠠᠶᠢᠬᠠᠨ ᠨᠦᠬᠦᠴᠡᠯ ᠪᠦᠷᠢᠯᠳᠦᠭᠦᠯᠵᠡᠢ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号