︽ᠪᠡᠶ᠎ᠡ ᠰᠡᠳᠬᠢᠯ ᠤᠨ ᠡᠷᠡᠭᠦᠯ ᠴᠢᠬᠢᠷᠠᠭ ᠤᠨ ᠬᠠᠷᠢᠴᠠᠯ ᠤᠨ ᠲᠤᠭ᠎ᠠ ᠨᠡᠩ ᠴᠢᠬᠤᠯᠠ︾ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠠᠭ᠎ᠠ ᠰᠣᠷᠭᠠᠭᠤᠯᠢ ᠶᠢᠨ ᠰᠣᠷᠣᠭᠴᠢ ᠶᠢᠨ ︽ᠰᠣᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ︾ ᠳᠤ ᠠᠩᠬᠠᠷᠤᠯ ᠢᠶᠠᠨ ᠬᠠᠨᠳᠤᠭᠤᠯᠪᠠ
ᠨᠡᠶᠢᠲᠡᠯᠡᠭᠰᠡᠨ ᠴᠠᠭ᠄
2018-03-12
ᠵᠧᠵᠢᠶᠠᠩ ᠮᠣᠵᠢ ᠶᠢᠨ ᠰᠣᠷᠭᠠᠨ ᠬᠥᠮᠦᠵᠢᠯ ᠤᠨ ᠲᠢᠩᠬᠢᠮ ᠣᠶᠢᠷ᠎ᠠ ᠶᠢᠨ ᠡᠳᠦᠷ ᠵᠢᠯᠣᠭᠤᠳᠬᠤ ᠰᠠᠨᠠᠯ ᠭᠠᠷᠭᠠᠵᠣ᠂ ᠡᠯ᠎ᠡ ᠭᠠᠵᠠᠷ ᠤᠨ ᠪᠠᠭ᠎ᠠ ᠰᠣᠷᠭᠠᠭᠤᠯᠢ ᠵᠢᠯ ᠤᠨ ᠬᠡᠰᠡᠭ᠂ ᠣᠯᠠᠷᠢᠯ ᠵᠡᠷᠭᠡ ᠢ ᠦᠨᠳᠦᠰᠦᠯᠡᠵᠦ ᠰᠣᠷᠭᠠᠭᠤᠯᠢ ᠳᠤ ᠣᠷᠣᠬᠤ ᠴᠠᠭ ᠢ ᠠᠮᠢᠳᠣᠯᠢᠭ ᠲᠣᠬᠢᠷᠠᠭᠤᠯᠵᠣ ᠪᠣᠯᠣᠨ᠎ᠠ᠃ ᠡᠨᠡᠬᠦ ᠬᠥᠮᠦᠨᠴᠢᠯᠡᠭᠰᠡᠨ ᠠᠷᠭ᠎ᠠ ᠠᠪᠴᠢᠯ ᠨᠢ ᠨᠢᠭᠡ ᠪᠦᠯᠦᠭ ᠪᠦᠬᠦ ᠣᠯᠣᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠵᠣᠷᠢᠭᠵᠢᠭᠤᠯᠣᠯ ᠳᠡᠮᠵᠢᠯᠭᠡ ᠶᠢ ᠤᠯᠪᠠ᠃ ︽ᠰᠣᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ︾ ᠨᠢ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠪᠡᠶ᠎ᠡ ᠰᠡᠳᠬᠢᠯ ᠤᠨ ᠡᠷᠡᠭᠦᠯ ᠴᠢᠬᠢᠷᠠᠭ ᠢ ᠪᠦᠲᠦᠮᠵᠢᠲᠡᠢ ᠬᠠᠮᠠᠭᠠᠯᠠᠬᠤ᠂ ᠰᠣᠷᠣᠯᠭ᠎ᠠ ᠶᠢᠨ ᠪᠦᠲᠦᠮᠵᠢ ᠶᠢ ᠲᠡᠭᠡᠭᠰᠢᠯᠡᠬᠦᠯᠬᠦ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠠᠷᠠᠳ ᠤᠨ ᠠᠮᠢᠳᠣᠷᠠᠯ ᠤᠨ ᠠᠩᠬᠠᠷᠤᠯ ᠳᠤ ᠥᠭᠬᠦ ᠬᠠᠷᠢᠭᠤ ᠴᠤᠦᠷᠢᠶᠠᠲᠤᠯᠭ᠎ᠠ ᠪᠣᠯᠣᠨ᠎ᠠ ᠨᠡᠯᠢᠶᠡᠳ ᠤᠯᠠᠨ ᠲᠥᠯᠦᠭᠡᠯᠡᠭᠴᠢ ᠢᠯᠡᠷᠬᠡᠶᠢᠯᠡᠵᠡᠢ᠃ ᠪᠦᠬᠦ ᠣᠯᠣᠰ ᠤᠨ ᠠᠷᠠᠳ ᠤᠨ ᠲᠥᠯᠦᠭᠡᠯᠡᠭᠴᠢ ᠶᠢᠨ ᠶᠡᠭᠡ ᠬᠤᠷᠠᠯ ᠤᠨ ᠲᠥᠯᠦᠭᠡᠯᠡᠭᠴᠢ᠂ ᠵᠧᠵᠢᠶᠠᠩ ᠮᠣᠵᠢ ᠶᠢᠨ ᠨᠢᠩᠪᠦᠸᠧ ᠬᠤᠲᠠ ᠶᠢᠨ ᠵᠧᠨ ᠬᠠᠢ ᠳᠣᠮᠳᠠᠳᠣ ᠰᠣᠷᠭᠠᠭᠤᠯᠢ ᠶᠢᠨ ᠨᠠᠮ ᠤᠨ ᠡᠭᠦᠷ ᠤᠨ ᠱᠦᠵᠢ ᠵᠠᠩ ᠶᠥᠩ ᠮᠸᠢ ᠬᠠᠮᠤᠭ ᠲᠡᠷᠢᠭᠦᠨ ᠳᠤ ᠡᠨᠡᠬᠦ ᠠᠷᠭ᠎ᠠ ᠠᠪᠴᠢᠯ ᠢ ᠭᠠᠷᠭᠠᠭᠰᠠᠨ ᠢ ᠠᠩᠬᠠᠷᠣᠯ ᠳᠤ ᠪᠠᠨ ᠠᠪᠴᠠᠢ᠃ ᠵᠠᠩ ᠶᠦᠩ ᠮᠸᠢ ᠬᠡᠯᠡᠬᠦ ᠳᠤ ᠪᠠᠨ᠂ ︽ᠰᠣᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ︾ ᠨᠢ ᠬᠡᠥᠬᠡᠳ ᠤᠨ ᠪᠡᠶ᠎ᠡ ᠰᠡᠳᠬᠢᠯ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠪᠠᠶ᠎ᠡ ᠰᠡᠳᠬᠢᠯ ᠤᠨ ᠡᠷᠡᠭᠦᠯ ᠴᠢᠬᠢᠷᠠᠭ ᠤᠨ ᠬᠠᠷᠢᠴᠠᠯ ᠨᠡᠩ ᠴᠢᠬᠤᠯᠠ ᠶᠤᠮ ᠭᠡᠪᠡ᠃ ︽ᠠᠯᠪᠠᠨ ᠵᠢᠷᠦᠮ ᠤᠨ ᠰᠣᠷᠭᠠᠨ ᠬᠥᠮᠦᠵᠢᠯ ᠤᠨ ᠰᠣᠷᠭᠠᠭᠤᠯᠢ ᠶᠢᠨ ᠬᠠᠮᠢᠶᠠᠷᠣᠯᠲᠠ ᠶᠢᠨ ᠪᠠᠷᠢᠮᠵᠢᠶ᠎ᠠ︾ ᠳᠤ ᠲᠣᠳᠣᠷᠠᠬᠠᠢ ᠳᠣᠭᠲᠠᠭᠠᠭᠰᠠᠨ ᠢᠶᠠᠷ᠂ ᠭᠡᠷ ᠪᠦᠯᠢ ᠬᠢᠭᠡᠳ ᠰᠣᠷᠭᠠᠭᠤᠯᠢ ᠬᠠᠪᠰᠣᠷᠠᠯᠴᠠᠵᠣ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠡᠳᠦᠷ ᠪᠦᠷᠢ 10 ᠴᠠᠭ ᠤᠨ ᠤᠨᠲᠠᠯᠭ᠎ᠠ ᠶᠢᠨ ᠴᠠᠭ ᠢ ᠪᠠᠳᠤᠯᠠᠬᠤ ᠬᠡᠷᠡᠭᠲᠡᠢ ᠭᠡᠵᠡᠢ᠃ 2016 ᠣᠨ ᠳᠤ ᠵᠧᠵᠢᠶᠠᠩ ᠮᠣᠵᠢ ᠶᠢᠨ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠨ ᠬᠥᠮᠦᠵᠢᠯ ᠤᠨ ᠶᠠᠰᠣ ᠴᠢᠨᠠᠷ ᠤᠨ ᠶᠡᠷᠥᠩᠬᠡᠶᠢᠯᠡᠭᠰᠡᠨ ᠦᠨᠡᠯᠡᠭᠡ ᠪᠠᠶᠢᠴᠠᠭᠠᠯᠲᠠ ᠶᠢᠨ ᠦᠷ᠎ᠡ ᠳ᠋ᠥᠩ ᠳᠤ ᠢᠯᠡᠷᠡᠭᠰᠡᠨ ᠢᠶᠠᠷ᠂ ᠣᠨᠳᠠᠵᠣ ᠠᠮᠠᠷᠠᠬᠤ ᠪᠣᠯ ᠵᠧᠵᠢᠶᠠᠩ ᠮᠣᠵᠢ ᠶᠢᠨ ᠰᠣᠷᠣᠭᠴᠢ ᠶᠢᠨ ᠬᠦᠭᠵᠢᠯᠲᠡ ᠶᠢᠨ ᠢᠯᠡᠳᠭᠡᠭᠴᠢ ᠲᠣᠭᠠᠨ ᠳᠤ ᠬᠠᠷᠢᠴᠠᠩᠭᠤᠢ ᠳᠣᠣᠷ᠎ᠠ ᠢᠯᠡᠳᠭᠡᠭᠴᠢ ᠲᠣᠭᠠᠨ ᠤ ᠨᠢᠭᠡ ᠪᠣᠯᠣᠨ᠎ᠠ᠃ ᠪᠠᠶᠢᠴᠠᠭᠠᠭᠳᠠᠭᠰᠠᠨ ᠲᠥᠷᠪᠡᠳᠦᠭᠡᠷ ᠣᠨ ᠤ ᠰᠣᠷᠣᠭᠴᠢ ᠶᠢᠨ ᠳᠣᠮᠳᠠ ᠵᠦᠪᠭᠡᠨ 54.1% ᠶᠢᠨ ᠰᠣᠷᠣᠭᠴᠢ ᠰᠠᠶ᠋ᠢ ᠡᠳᠦᠷ ᠪᠦᠷᠢ 9 ᠴᠠᠭ ᠪᠣᠶᠣ ᠠᠷᠠᠢ ᠢᠯᠡᠬᠦᠤ ᠵᠢᠭᠠᠬᠠᠨ ᠤᠯᠵᠤ ᠣᠨᠲᠠᠵᠣ ᠪᠣᠢ᠃ ︽ᠪᠠᠭ᠎ᠠ ᠰᠣᠷᠭᠠᠭᠤᠯᠢ ᠶᠢᠨ ᠳᠣᠣᠷ᠎ᠠ ᠣᠨ ᠤ ᠰᠣᠷᠣᠭᠴᠢ ᠰᠠᠶ᠋ᠢ ᠰᠣᠷᠭᠠᠭᠤᠯᠢ ᠶᠢᠨ ᠨᠠᠰᠣᠨ ᠠᠴᠠ ᠡᠮᠦᠨᠡᠬᠢ ᠬᠤᠭᠤᠴᠠᠭᠠᠨ ᠠᠴᠠ ᠰᠢᠯᠵᠢᠨ ᠢᠷᠡᠵᠦ ᠪᠠᠶᠢᠬᠤ ᠪᠤᠯᠬᠤᠷ᠂ ᠨᠣᠶᠢᠷ ᠲᠣᠲᠠᠮᠠᠭ ᠠᠴᠠ ᠪᠡᠶ᠎ᠡ ᠶᠢᠨ ᠦᠰᠦᠯᠲᠡ ᠪᠣᠶᠢᠵᠢᠯᠲᠠ ᠶᠢ ᠰᠢᠭᠤᠳ ᠨᠥᠯᠦᠭᠡᠯᠡᠨ᠎ᠡ᠃︾ ᠵᠢᠶᠣᠣ ᠵᠢᠶᠠᠩ ᠲᠣᠭᠤᠷᠢᠭ ᠨᠢᠭᠡᠨᠲᠡ ᠪᠠᠭ᠎ᠠ ᠰᠣᠷᠭᠠᠭᠤᠯᠢ ᠶᠢᠨ ᠨᠢᠭᠡ ᠬᠤᠶᠠᠳᠣᠭᠠᠷ ᠣᠨ ᠢᠶᠠᠷ ᠲᠣᠷᠰᠢᠯᠲᠠ ᠶᠢᠨ ᠴᠡᠭ ᠪᠤᠯᠭᠠᠬᠰᠠᠨ ᠥᠷᠯᠦᠭᠡ ᠶᠢᠨ ᠣᠩᠰᠢᠯᠠᠭ᠎ᠠ ᠶᠢᠨ ᠬᠢᠴᠢᠶᠡᠯ ᠢ ᠪᠦᠬᠦᠲᠡ ᠶᠢ ᠬᠠᠰᠤᠵᠤ ᠬᠠᠶᠠᠪᠠ ᠭᠡᠵᠦ ᠵᠧᠵᠢᠶᠠᠩ ᠮᠣᠵᠢ ᠶᠢᠨ ᠲᠠᠶᠢᠵᠸᠦ ᠬᠤᠲᠠ ᠶᠢᠨ ᠵᠢᠶᠤᠤ ᠵᠢᠶᠠᠩ ᠲᠣᠭᠤᠷᠢᠭ ᠤᠨ ᠳ᠋ᠠ ᠴᠧᠩ ᠲᠣᠷᠰᠢᠯᠲᠠ ᠶᠢᠨ ᠰᠣᠷᠭᠠᠭᠤᠯᠢ ᠶᠢᠨ ᠵᠠᠬᠢᠷᠣᠯ ᠸᠧᠩ ᠯᠢ ᠹᠧᠨ ᠲᠦᠯᠦᠭᠡᠯᠡᠭᠴᠢ ᠠᠴᠠ ᠰᠣᠷᠪᠣᠯᠵᠢᠯᠠᠭᠴᠢ ᠳᠤ ᠬᠡᠯᠡᠵᠦ ᠦᠭᠭᠦᠭᠰᠡᠨ ᠪᠢᠯᠡ᠃ ᠪᠣᠳᠠᠲᠣ ᠠᠮᠢᠳᠣᠷᠠᠯ ᠳᠤ᠂ ᠬᠡᠰᠡᠭ ᠭᠡᠷ ᠤᠨ ᠠᠬᠠᠮᠠᠳ ᠠᠵᠢᠯᠯᠠᠬᠤ ᠴᠠᠭ ᠡᠷᠲᠡ ᠪᠣᠶᠣ ᠵᠠᠮ ᠬᠤᠯᠠ ᠠᠴᠠ᠂ ᠬᠡᠥᠬᠡᠳ ᠢᠶᠠᠨ ᠠᠷᠭ᠎ᠠ ᠪᠣᠰᠣ ᠰᠣᠷᠭᠠᠭᠤᠯᠢ ᠳᠤ ᠨᠢ ᠣᠷᠢᠳᠴᠢᠯᠠᠨ ᠬᠦᠷᠭᠡᠨ᠎ᠡ᠃ ︽ᠪᠣᠳᠠᠲᠠᠢ ᠬᠦᠴᠢᠷᠲᠡᠯ ᠲᠠᠢ ᠡᠲᠡᠭᠡᠳ ᠲᠤ᠂ ᠰᠣᠷᠭᠠᠭᠤᠯᠢ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ᠂ ᠭᠡᠷ ᠤᠨ ᠠᠬᠠᠮᠠᠳ ᠮᠦᠨ ᠣᠣᠯ ᠲᠥᠯᠦᠪᠯᠡᠭᠡ ᠪᠠᠷ ᠢᠶᠠᠨ ᠬᠡᠥᠬᠡᠳ ᠪᠠᠨ ᠰᠣᠷᠭᠠᠭᠤᠯᠢ ᠳᠤ ᠨᠢ ᠣᠷᠢᠳᠴᠢᠯᠠᠨ ᠬᠦᠷᠭᠡᠵᠦ ᠪᠣᠯᠣᠨ᠎ᠠ︾ ᠭᠡᠵᠦ ᠸᠧᠩ ᠯᠢ ᠹᠧᠨ ᠬᠡᠯᠡᠪᠡ᠃︽ᠬᠢᠴᠢᠶᠡᠯ ᠣᠷᠣᠬᠤ ᠶᠢ ᠬᠤᠶᠢᠰᠢᠯᠠᠭᠤᠯᠬᠤ︾ ᠳᠠᠮᠵᠢᠭᠤᠯᠣᠨ ᠭᠠᠷᠭᠠᠭᠰᠠᠨ ︽ᠳᠠᠷᠣᠭᠠᠰᠣ ᠶᠢ ᠬᠦᠩᠭᠡᠷᠡᠭᠦᠯᠬᠦ︾ ᠣᠨᠣᠯ᠂ ᠪᠣᠳᠠᠲᠣ ᠠᠷᠭ᠎ᠠ ᠠᠪᠴᠢᠯ ᠲᠠᠢ ᠬᠠᠷᠢᠴᠠᠭᠤᠯᠪᠠᠯ ᠨᠡᠩ ᠦᠨ᠎ᠡ ᠴᠡᠨ᠎ᠠ ᠲᠠᠢ᠃ ᠸᠧᠩ ᠯᠢ ᠹᠧᠨ ᠬᠡᠯᠡᠬᠦ ᠳᠤ ᠪᠠᠨ᠂ ᠰᠣᠷᠣᠯᠴᠠᠬᠤ ᠪᠣᠯ ᠶᠠᠷᠢᠶᠠᠨ ᠦᠭᠡᠢ ᠪᠠᠶᠠᠷ ᠪᠠᠶᠠᠰᠣᠯ ᠲᠠᠢ᠂ ᠰᠣᠷᠭᠠᠭᠤᠯᠢ ᠪᠣᠯ ᠬᠡᠥᠬᠡᠳ ᠤᠨ ᠪᠠᠶᠠᠷ ᠪᠠᠶᠠᠰᠣᠯᠲᠠᠢ ᠥᠰᠦᠨ ᠪᠣᠶᠢᠵᠢᠬᠤ ᠴᠡᠩᠭᠡᠯ ᠤᠨ ᠬᠦᠷᠢᠶᠡᠯᠡᠩ᠃︽ᠨᠡᠶᠢᠭᠡᠮ ᠬᠡᠥᠭᠡᠳ ᠤᠳ ᠲᠤ ᠨᠢᠭᠡᠨ ᠪᠠᠶᠠᠷ ᠪᠠᠶᠠᠰᠣᠯᠲᠣ ᠪᠠᠭ᠎ᠠ ᠨᠠᠰᠣ ᠥᠭᠬᠦ ᠶᠢ ᠣᠷᠢᠶᠠᠯᠠᠵᠣ᠂ ᠡᠷᠳᠡᠮ ᠮᠡᠳᠡᠯᠭᠡ ᠪᠠ ᠮᠡᠷᠭᠡᠵᠢᠯ ᠴᠢᠳᠠᠪᠣᠷᠢ ᠶᠢ ᠴᠢᠬᠤᠯᠠᠴᠢᠯᠠᠬᠤ ᠶᠢᠨ ᠳᠠᠭᠠᠣ ᠡᠷᠡᠭᠦᠯ ᠪᠦᠲᠦᠨ ᠬᠥᠮᠦᠨ ᠴᠢᠨᠠᠷ ᠢ ᠬᠥᠮᠦᠵᠢᠬᠦᠯᠬᠦ ᠶᠢ ᠨᠡᠩ ᠬᠠᠯᠠᠮᠵᠢᠯᠠᠨ᠎ᠠ᠃︾
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号