ᠮᠠᠨ ᠤ ᠤᠷᠤᠨ ᠳᠠᠬᠢ ᠪᠦᠬᠦ ᠤᠯᠤᠰ ᠤᠨ ᠦᠵᠡᠰᠬᠦᠯᠡᠩᠲᠦ ᠰᠠᠶᠢᠬᠠᠨ ᠵᠤᠭ᠎ᠠ ᠰᠡᠯᠡᠬᠦᠴᠡᠯ ᠤᠨ ᠬᠦᠳᠡᠭᠡ ᠲᠤᠰᠬᠤᠨ
ᠨᠡᠶᠢᠲᠡᠯᠡᠭᠰᠡᠨ ᠴᠠᠭ᠄
2018-03-13
      2017 ᠤᠨ ᠳᠤ ᠤᠯᠤᠰ ᠤᠨ ᠬᠦᠳᠡᠭᠡ ᠠᠵᠦ ᠠᠬᠤᠢ ᠶᠢᠨ ᠶᠠᠮᠦᠨ ᠠᠴᠠ ᠨᠡᠶᠢᠳᠡᠯᠡᠭᠰᠡᠨ ︽2017 ᠤᠨ ᠤ ᠲᠤᠮᠲᠠᠲᠦ ᠤᠯᠤᠰ ᠤᠨ ᠦᠵᠡᠰᠬᠦᠯᠡᠩᠲᠦ ᠰᠠᠶᠢᠬᠠᠨ ᠵᠤᠭ᠎ᠠ ᠰᠡᠯᠡᠬᠦᠴᠡᠯ ᠤᠨ ᠬᠦᠳᠡᠭᠡ ᠲᠤᠰᠬᠤᠨ ᠤ ᠲᠠᠨᠢᠯᠴᠠᠭᠤᠯᠭ᠎ᠠ ᠶᠢᠨ ᠨᠡᠷᠡᠰ︾ ᠲᠤ ᠮᠠᠨ ᠤ ᠤᠷᠤᠨ ᠤ 4 ᠭᠠᠴᠠᠭ᠎ᠠ ᠲᠤᠰᠬᠤᠨ ᠵᠢᠬᠰᠠᠭᠠᠭᠲᠠᠭᠰᠠᠨ ᠪᠠᠶᠢᠨ᠎ᠠ᠃ ᠡᠳᠡᠭᠡᠷ ᠭᠠᠴᠠᠭ᠎ᠠ ᠲᠤᠰᠬᠤᠨ ᠨᠢ ᠮᠠᠯ ᠠᠵᠦ ᠠᠬᠤᠢ ᠲᠠᠷᠢᠶᠠᠯᠠᠩ ᠳᠤ ᠰᠠᠭᠤᠷᠢᠯᠠᠵᠦ᠂ ᠤᠨᠴᠠᠯᠢᠬᠲᠦ ᠪᠠᠷᠢᠯᠭ᠎ᠠ᠂ ᠢᠷᠭᠡᠳ ᠤᠨ ᠰᠠᠭᠤᠷᠢᠰᠢᠯ᠂ ᠦᠨᠲᠦᠰᠦᠳᠡᠨ ᠤ ᠵᠠᠩ ᠦᠢᠯᠡ᠂ ᠠᠮᠢ ᠠᠬᠤᠢ ᠶᠢᠨ ᠰᠢᠯᠢᠳᠡᠭ ᠨᠦᠬᠦᠴᠡᠯ ᠳᠡᠭᠡᠨ ᠲᠦᠰᠢᠭᠯᠡᠵᠦ᠂ ᠵᠤᠭ᠎ᠠ ᠰᠡᠯᠡᠬᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠤᠭᠠᠴᠠᠯ ᠢ ᠬᠦᠭᠵᠢᠬᠦᠯᠵᠦ᠂ ᠬᠦᠳᠡᠭᠡ ᠲᠤᠰᠬᠤᠨ ᠤ ᠵᠤᠭᠠᠴᠠᠯ ᠢ ᠬᠦᠭᠵᠢᠬᠦᠯᠦᠭᠰᠡᠨ ᠬᠡᠪ ᠵᠢᠱᠢᠶ᠎ᠡ ᠪᠤᠯᠤᠬᠰᠠᠨ ᠪᠢᠯᠡ᠃      ᠬᠤᠤ ᠵᠢᠶᠠ ᠶᠤᠤ ᠼᠦᠨ ᠲᠤᠰᠬᠤᠨ      ᠬᠦᠬᠡᠬᠤᠲᠠ ᠶᠢᠨ ᠲᠤᠭᠲᠠᠬᠤ ᠰᠢᠶᠠᠨ ᠤ ᠬᠤᠤ ᠵᠢᠶᠠ ᠶᠤᠤ ᠲᠤᠰᠬᠤᠨ ᠵᠡᠬᠦᠨ ᠢᠶᠠᠷ ᠢᠶᠠᠨ ᠨᠠᠨᠱᠠᠨ ᠠᠭᠤᠯᠠ ᠪᠠᠷ ᠲᠦᠰᠢᠭ ᠪᠤᠯᠭᠠᠵᠦ᠂ ᠡᠮᠦᠨᠡᠬᠦᠷ ᠢᠶᠠᠨ ᠱᠧᠨ ᠴᠢᠦᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠤᠷᠤᠨ ᠲᠠᠢ ᠵᠠᠯᠭᠠᠯᠲᠤᠵᠦ ᠪᠠᠶᠢᠲᠠᠭ᠃ ᠬᠠᠲᠤᠨ ᠭᠤᠤᠯ ᠤᠨ ᠬᠦᠪᠡᠭᠡ ᠲᠠᠭᠠᠦ ᠵᠠᠰᠠᠬᠰᠠᠨ ᠵᠠᠰᠠᠮᠠᠯ ᠵᠠᠮ ᠬᠤᠤ ᠵᠢᠶᠠ ᠶᠤᠤ ᠲᠤᠰᠬᠤᠨ ᠢᠶᠠᠷ ᠦᠩᠭᠡᠷᠡᠳᠡᠭ ᠪᠤᠯᠬᠤᠷ ᠵᠠᠮ ᠬᠠᠷᠢᠯᠴᠠᠭ᠎ᠠ ᠲᠦᠬᠦᠮ ᠲᠦᠳᠡ ᠪᠠᠷ ᠦᠯᠤ ᠪᠠᠷᠠᠮ ᠠᠭᠤᠯᠠ ᠤᠰᠤᠨ ᠤ ᠭᠤᠶᠤ ᠦᠵᠡᠮᠵᠢ ᠨᠢ ᠵᠤᠭᠠᠴᠠᠯ ᠤᠨ ᠦᠢᠯᠡᠰ ᠢ ᠬᠦᠭᠵᠢᠭᠦᠯᠭᠦ ᠴᠢᠬᠤᠯᠠ ᠡᠬᠢ ᠪᠠᠶᠠᠯᠢᠭ ᠪᠤᠯᠵᠤ ᠪᠢᠯᠡ᠃ ᠤᠶᠢᠷ᠎ᠠ ᠶᠢᠨ ᠵᠢᠯ ᠳᠤ᠂ ᠬᠤᠤ ᠵᠢᠶᠠ ᠶᠤᠤ ᠲᠤᠰᠬᠤᠨ ︽ᠦᠵᠡᠰᠬᠦᠯᠡᠩᠲᠦ ᠰᠠᠶᠢᠬᠠᠨ ᠵᠤᠭ᠎ᠠ ᠰᠡᠯᠡᠬᠦᠴᠡᠯ ᠤᠨ ᠬᠦᠳᠡᠭᠡ ᠲᠤᠰᠬᠤᠨ︾ ᠢ ᠪᠦᠲᠦᠭᠡᠨ ᠪᠠᠶᠢᠭᠤᠯᠬᠤ ᠪᠠᠷ ᠵᠤᠷᠢᠯᠭ᠎ᠠ ᠪᠤᠯᠭᠠᠵᠦ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠬᠦᠭᠵᠢᠯᠳᠡ ᠶᠢᠨ ᠰᠠᠭᠤᠷᠢ ᠪᠠᠨ ᠪᠠᠲᠤᠳᠬᠠᠵᠦ᠂ ᠤᠨᠴᠠᠯᠢᠭ ᠢᠶᠠᠨ ᠪᠠᠲᠠᠷᠠᠭᠤᠯᠤᠨ᠂ ᠪᠦᠬᠦᠯᠢ ᠴᠤᠭᠴᠠ ᠪᠠᠷ ᠨᠢ ᠠᠬᠢᠭᠤᠯᠤᠨ᠂ ᠪᠠᠶᠢᠭᠠᠯᠢ ᠶᠢᠨ ᠦᠵᠡᠮᠵᠢ ᠳᠡᠭᠡᠨ ᠰᠠᠭᠤᠷᠢᠯᠠᠵᠦ᠂ ᠦᠵᠦᠮ ᠲᠡᠭᠦᠭᠦ᠂ ᠬᠦᠳᠡᠭᠡ ᠲᠤᠰᠬᠤᠨ ᠤ ᠦᠵᠡᠮᠵᠢ ᠰᠤᠨᠢᠷᠬᠠᠬᠤ᠂ ᠵᠤᠭᠠᠴᠠᠬᠰᠠᠳ ᠢ ᠬᠦᠯᠢᠶᠡᠨ ᠠᠪᠴᠦ ᠵᠤᠴᠢᠯᠠᠬᠤ ᠶᠢ ᠨᠢᠭᠡ ᠴᠤᠭᠴᠠᠵᠢᠭᠤᠯᠤᠬᠰᠠᠨ ᠵᠤᠭᠠᠴᠠᠯ ᠤᠨ ᠦᠢᠯᠡᠰ ᠢ ᠬᠦᠭᠵᠢᠬᠦᠯᠵᠦ᠂ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠨᠢ ᠠᠩᠬ᠎ᠠ ᠠᠯᠬᠤᠮ ᠤᠨ ᠠᠮᠵᠢᠯᠲᠠ ᠤᠯᠤᠬᠰᠠᠨ ᠪᠠᠶᠢᠨ᠎ᠠ᠃      ᠷᠠᠰᠢᠶᠠᠨ ᠲᠤᠬᠤᠢ ᠲᠤᠰᠬᠤᠨ      ᠤᠷᠲᠤᠰ ᠬᠤᠳᠠ ᠶᠢᠨ ᠦᠦᠰᠢᠨ ᠬᠤᠰᠢᠭᠤᠨ ᠤ ᠭᠠᠯᠠᠭᠤᠲᠦ ᠪᠠᠯᠭᠠᠰᠦ ᠶᠢᠨ ᠷᠠᠰᠢᠶᠠᠨ ᠲᠤᠬᠤᠢ ᠲᠤᠰᠬᠤᠨ ᠨᠢ ᠱᠠᠨᠰᠢ ᠮᠤᠵᠢ ᠶᠢᠨ ᠲᠡᠮᠡᠭᠡᠲᠦ ᠬᠤᠲᠠ ᠠᠴᠠ 70 ᠺᠢᠯᠣᠮᠧᠳ᠋ᠷ ᠬᠤᠯᠠ ᠪᠠᠶᠢᠲᠠᠭ᠃ ᠷᠠᠰᠢᠶᠠᠨ ᠲᠤᠬᠤᠢ ᠲᠤᠰᠬᠤᠨ ᠤ ᠠᠮᠢ ᠠᠬᠤᠢ ᠤᠷᠴᠢᠨ ᠲᠤᠭᠤᠷᠢᠨ ᠤ ᠦᠵᠡᠮᠵᠢ ᠭᠤᠶᠤ ᠪᠠᠶᠢᠵᠦ᠂ ︽ᠡᠯᠡᠰᠦ ᠮᠠᠩᠬᠠᠨ ᠤ ᠲᠤᠲᠤᠷᠠᠬᠢ ᠵᠢᠵᠢᠭ ᠵᠢᠶᠠᠩᠨᠠᠨ︾ ᠭᠡᠬᠦ ᠭᠤᠶᠤ ᠨᠡᠷᠡᠶᠢᠲᠦᠯ ᠲᠠᠢ ᠪᠠᠶᠢᠲᠠᠭ᠃ ᠬᠠᠯᠢᠭᠤᠲᠦ ᠭᠤᠤᠯ ᠲᠤᠰᠬᠤᠨ ᠤ ᠲᠤᠮᠲᠠᠭᠤᠷ ᠮᠤᠷᠤᠯᠵᠠᠨ ᠤᠷᠤᠰᠴᠦ᠂ ᠭᠤᠤᠯ ᠤᠨ ᠬᠦᠪᠡᠭᠡ ᠪᠠᠷ ᠡᠪᠡᠰᠦ ᠮᠤᠳᠤ ᠢᠬᠴᠤᠷᠠᠨ ᠤᠷᠭᠤᠵᠦ᠂ ᠠᠲᠤᠭᠤ ᠮᠠᠯ ᠲᠠᠷᠬᠠᠨ ᠪᠡᠯᠴᠢᠵᠦ ᠪᠠᠶᠢᠲᠠᠭ᠃ ᠵᠠᠭᠤᠨ ᠵᠢᠯ ᠤᠨ ᠬᠠᠶᠢᠯᠠᠰᠦᠨ ᠮᠤᠳᠤ ᠬᠤᠯᠠ ᠠᠴᠠ ᠨᠤᠭᠤᠭᠠᠷᠠᠨ ᠬᠠᠷᠠᠬᠲᠠᠵᠦ᠂ ᠵᠢᠮᠢᠰ ᠨᠤᠭᠤᠭ᠎ᠠ ᠶᠢᠨ ᠰᠠᠶᠢᠬᠠᠨ ᠦᠨᠦᠷ ᠬᠤᠯᠠ ᠠᠴᠠ ᠠᠩᠬᠢᠯᠤᠨ᠎ᠠ᠃      ᠷᠠᠰᠢᠶᠠᠨ ᠲᠤᠬᠤᠢ ᠲᠤᠰᠬᠤᠨ ᠤ ᠪᠦᠬᠦ ᠲᠠᠯᠠᠪᠠᠢ ᠨᠢ 16.8 ᠲᠦᠮᠡᠨ ᠮᠦ᠂ ᠤᠰᠤᠯᠠᠯᠲᠠ ᠶᠢᠨ ᠲᠠᠷᠢᠶᠠᠨ ᠤ ᠲᠠᠯᠠᠪᠠᠢ ᠨᠢ 2.64 ᠲᠦᠮᠡᠨ ᠮᠦ ᠪᠠᠶᠢᠲᠠᠭ᠃ ᠲᠤᠰ ᠲᠤᠰᠬᠤᠨ ᠪᠤᠯ ᠦᠦᠰᠢᠨ ᠬᠤᠰᠢᠭᠤᠨ ᠤ ᠠᠭᠤᠷᠬᠠᠢ ᠶᠢᠨ ᠤᠷᠤᠨ ᠤ ᠨᠡᠬᠦᠳᠡᠯ ᠠᠷᠠᠳ ᠢ ᠲᠦᠪᠯᠡᠷᠡᠬᠦᠯᠦᠨ ᠲᠦᠪᠬᠢᠨᠡᠬᠦᠯᠬᠦ ᠴᠢᠭ᠋ ᠪᠠᠶᠢᠵᠦ᠂ ᠦᠪᠡᠷᠳᠡᠭᠡᠨ ᠵᠠᠰᠠᠬᠤ ᠤᠷᠤᠨ ᠤ ᠰᠢᠨ᠎ᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠲᠤᠰᠬᠤᠨ ᠪᠠ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠵᠢᠱᠢᠶ᠎ᠡ ᠦᠵᠡᠬᠦᠯᠬᠦ ᠴᠢᠭ᠋ ᠪᠤᠯᠤᠨ᠎ᠠ᠃      ᠤᠯᠠᠭᠠᠨᠮᠦ᠋ᠷᠡᠨ ᠲᠤᠰᠬᠤᠨ      ᠤᠷᠲᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠷᠡᠨ ᠲᠤᠰᠬᠤᠨ ᠤ ᠪᠦᠬᠦ ᠲᠠᠯᠠᠪᠠᠢ ᠨᠢ 80 ᠲᠡᠭᠰᠢ ᠲᠦᠷᠪᠡᠯᠵᠢᠨ ᠺᠢᠯᠣᠮᠧᠳ᠋ᠷ ᠪᠠᠶᠢᠲᠠᠭ᠃ ᠲᠤᠰ ᠲᠤᠰᠬᠤᠨ ᠳᠤ ᠡᠯᠡᠰᠦ ᠮᠠᠩᠬ᠎ᠠ ᠪᠠ ᠲᠠᠯ᠎ᠠ ᠨᠤᠲᠤᠭ ᠤᠨ ᠦᠵᠡᠮᠵᠢ ᠪᠦᠷᠢᠳᠦᠭᠰᠡᠨ ᠪᠠᠶᠢᠲᠠᠭ᠃ ᠡᠶᠢᠨᠬᠦ ᠲᠠᠷᠢᠶᠠᠯᠠᠩ ᠦᠢᠯᠡᠳᠪᠦᠷᠢᠯᠡᠯ ᠪᠠ ᠪᠠᠶᠢᠭᠠᠯᠢ ᠶᠢᠨ ᠦᠵᠡᠮᠵᠢ ᠳᠡᠭᠡᠨ ᠰᠠᠭᠤᠷᠢᠯᠠᠨ ᠲᠤᠰ ᠲᠤᠰᠬᠤᠨ ᠨᠢ ︽ᠬᠦᠳᠡᠭᠡ ᠲᠤᠰᠬᠤᠨ ᠤ ᠦᠵᠡᠮᠵᠢ ᠰᠤᠨᠢᠷᠬᠠᠬᠤ︾᠂ ︽ᠰᠡᠯᠡᠬᠦᠴᠡᠵᠦ ᠵᠤᠭᠠᠴᠠᠬᠤ︾᠂ ︽ᠪᠠᠶᠢᠭᠠᠯᠢ ᠶᠢᠨ ᠠᠮᠢ ᠠᠬᠤᠢ︾ ᠭᠤᠷᠪᠠ ᠶᠢ ᠨᠢᠭᠡᠳᠭᠡᠬᠦ ᠵᠤᠭᠠᠴᠠᠯ ᠤᠨ ᠤᠶᠢᠯᠠᠭᠠᠭᠲᠠᠬᠤᠨ ᠢ ᠪᠤᠢ ᠪᠤᠯᠭᠠᠭᠰᠠᠨ ᠶᠤᠮ᠃      ᠲᠤᠰ ᠲᠤᠰᠬᠤᠨ ᠤ ᠵᠠᠮ ᠬᠠᠷᠢᠯᠴᠠᠭ᠎ᠠ ᠲᠦᠬᠦᠮ᠂ ᠠᠶᠢᠯ ᠰᠠᠭᠠᠬᠠᠯᠳᠠ ᠡᠶ᠎ᠡ ᠨᠠᠶᠢᠷ ᠲᠠᠢ᠂ ᠲᠤᠰᠬᠤᠨ ᠤ ᠶᠤᠰᠤ ᠰᠤᠷᠲᠠᠬᠤᠨ ᠪᠤᠯᠪᠠᠰᠦᠨ ᠪᠠᠶᠢᠵᠦ᠂ 2006 ᠤᠨ ᠳᠤ ᠤᠷᠲᠤᠰ ᠬᠤᠲᠠ ᠶᠢᠨ ᠰᠢᠨ᠎ᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ 14 ᠭᠠᠴᠠᠭ᠎ᠠ ᠲᠤᠰᠬᠤᠨ ᠤ ᠨᠢᠭᠡ ᠨᠢ ᠪᠤᠯᠤᠬᠰᠠᠨ ᠶᠤᠮ᠃ ᠤᠲᠤ ᠲᠤᠰ ᠲᠤᠰᠬᠤᠨ ᠨᠢ ᠲᠤᠮᠲᠠᠲᠦ ᠤᠯᠤᠰ ᠤᠨ ᠪᠠᠷᠠᠭᠤᠨ ᠬᠡᠰᠡᠭ ᠤᠨ ᠲᠡᠷᠢᠬᠦᠨ ᠤ ᠲᠤᠰᠬᠤᠨ ᠪᠤᠯᠬᠤ ᠬᠠᠷᠠᠯᠲᠠ ᠳᠤ ᠬᠦᠷᠬᠦ ᠪᠠᠷ ᠬᠦᠴᠦᠨ ᠨᠢᠭᠡᠳᠡᠢ ᠴᠢᠷᠮᠠᠶᠢᠵᠦ ᠪᠠᠶᠢᠭ᠎ᠠ ᠶᠤᠮ᠃      ᠰᠢᠶᠤᠤ ᠬᠤᠩ ᠱᠠᠨ ᠽᠢ ᠲᠤᠰᠬᠤᠨ      ᠲᠤᠰ ᠲᠤᠰᠬᠤᠨ ᠤᠯᠠᠭᠠᠨᠬᠠᠲᠠ ᠬᠤᠲᠠ ᠶᠢᠨ ᠬᠡᠰᠢᠭᠳᠡᠨ ᠬᠤᠰᠢᠭᠤᠨ ᠤ ᠤᠯᠠᠭᠠᠨᠪᠤᠲᠤᠩ ᠵᠤᠭᠠᠴᠠᠯ ᠤᠨ ᠦᠵᠡᠮᠵᠢ ᠶᠢᠨ ᠤᠷᠤᠨ ᠳᠤ ᠪᠠᠶᠢᠷᠢᠯᠠᠲᠠᠭ᠃ ᠠᠳᠡ ᠲᠠᠯ᠎ᠠ ᠨᠤᠲᠤᠭ᠂ ᠨᠠᠭᠤᠷ ᠴᠦᠬᠦᠷᠦᠮ᠂ ᠡᠯᠡᠰᠦᠷᠭᠡᠭ ᠭᠠᠵᠠᠷ᠂ ᠨᠤᠭᠤ ᠭᠠᠵᠠᠷ᠂ ᠰᠢᠭᠤᠶᠢᠲᠦ ᠤᠷᠤᠨ ᠤ ᠦᠵᠡᠮᠵᠢ ᠪᠦᠷᠢᠳᠴᠦ᠂ ᠤᠷᠭᠤᠮᠠᠯ ᠤᠨ ᠪᠦᠷᠬᠦᠴᠡ ᠰᠠᠶᠢᠨ᠂ ᠭᠡᠭᠡᠷ᠎ᠡ ᠶᠢᠨ ᠠᠮᠢᠲᠠᠨ ᠤᠷᠭᠤᠮᠠᠯ ᠤᠨ ᠲᠦᠷᠦᠯ ᠵᠦᠢᠯ ᠤᠯᠡᠨ ᠪᠠᠶᠢᠲᠠᠭ᠃ ᠪᠠᠶᠢᠭᠠᠯᠢ ᠶᠢᠨ ᠭᠤᠶᠤ ᠦᠵᠡᠮᠵᠢ ᠠᠴᠠ ᠭᠠᠲᠠᠨ᠎ᠠ᠂ ᠠᠳᠡ ᠬᠦᠨ ᠵᠤᠵᠠᠭᠠᠨ ᠲᠡᠦᠭᠡ ᠰᠤᠶᠤᠯ ᠤᠨ ᠡᠬᠢ ᠪᠠᠶᠠᠯᠢᠭ ᠲᠠᠢ ᠪᠤᠯᠬᠤᠷ ︽ᠪᠡᠭᠡᠵᠢᠩ ᠤᠨ ᠠᠷᠤ ᠬᠦᠷᠢᠶᠡᠯᠡᠩ︾᠂ ︽ᠡᠸᠦ᠋ᠷᠦᠫᠡ ᠮᠠᠶ᠋ᠢᠭ ᠤᠨ ᠲᠠᠯ᠎ᠠ ᠨᠤᠲᠤᠭ ᠤᠨ ᠦᠵᠡᠮᠵᠢ ᠶᠢᠨ ᠤᠷᠤᠨ︾ ᠭᠡᠬᠦ ᠰᠠᠶᠢᠬᠠᠨ ᠨᠡᠷᠡᠶᠢᠲᠦᠯ ᠲᠠᠢ ᠶᠤᠮ᠃      2010 ᠤᠨ ᠳᠤ᠂ ᠲᠤᠰ ᠲᠤᠰᠬᠤᠨ ᠨᠢ ᠡᠯ᠎ᠡ ᠲᠦᠷᠦᠯ ᠤᠨ ᠡᠬᠢ ᠪᠠᠶᠠᠯᠢᠭ ᠢᠶᠠᠨ ᠨᠡᠶᠢᠳᠭᠡᠵᠦ᠂ ᠬᠤᠩ ᠲᠠᠢ ᠵᠤᠭᠠᠴᠠᠯ ᠤᠨ ᠬᠢᠵᠠᠭᠠᠷᠲᠦ ᠺᠤᠮᠫᠠᠨᠢ ᠪᠠᠶᠢᠭᠤᠯᠵᠦ᠂ ᠤᠩᠭᠤᠴᠠ ᠪᠠᠷ ᠠᠶᠠᠯᠠᠬᠤ᠂ ᠮᠤᠷᠢ ᠤᠨᠤᠬᠤ᠂ ᠰᠤᠷ ᠬᠠᠷᠪᠤᠬᠤ᠂ ᠡᠯᠡᠰᠦᠨ ᠳᠤ ᠮᠤᠲ᠋ᠤᠷ ᠤᠨᠤᠬᠤ᠂ ᠡᠯᠡᠰᠦᠨ ᠳᠤ ᠭᠤᠯᠭᠤᠬᠤ ᠵᠡᠷᠭᠡ ᠵᠤᠭᠠᠴᠠᠯ ᠤᠨ ᠦᠢᠯᠡᠴᠢᠯᠡᠭᠡᠨ ᠤ ᠲᠦᠷᠦᠯ ᠵᠦᠢᠯ ᠢ ᠢᠵᠢ ᠲᠦᠬᠦᠷᠵᠢᠬᠦᠯᠵᠡᠢ᠃ ᠰᠦᠨᠢ ᠳᠡᠭᠡᠨ ᠵᠤᠭᠠᠴᠠᠭᠰᠠᠳ ᠮᠤᠩᠭᠤᠯ ᠦᠨᠲᠦᠰᠦᠳᠡᠨ ᠤ ᠤᠨᠴᠠᠯᠢᠭ ᠲᠠᠢ ᠲᠦᠳᠡᠭ ᠭᠠᠯ ᠤᠨ ᠦᠳᠡᠰᠢᠯᠡᠭᠡ ᠳᠤ ᠤᠷᠤᠯᠴᠠᠨ᠂ ᠮᠤᠩᠭᠤᠯ ᠲᠠᠭᠤᠤ ᠪᠦᠵᠢᠭ ᠰᠤᠨᠢᠷᠬᠠᠨ᠂ ᠰᠠᠷᠬᠤᠳ ᠠᠮᠰᠠᠨ ᠬᠤᠨᠢᠨ ᠤ ᠰᠢᠬᠦᠰᠦ ᠠᠴᠠ ᠠᠮᠲᠠᠯᠠᠵᠦ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号