ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠵᠦᠪᠬᠡᠨ ᠡᠮ ᠬᠤᠳᠠᠯᠳᠤᠨ ᠠᠪᠴᠤ ᠪᠤᠯᠬᠤ ᠪᠢᠰᠢ᠂ ᠬᠠᠷᠢᠨ | ᠡᠯᠧᠺᠲᠷᠣᠨ ᠬᠡᠷᠡᠴᠢ ᠪᠠᠷᠢᠮᠲᠠ᠂ ᠮᠡᠲᠡᠭᠡ ᠵᠠᠩᠬᠢ ᠶᠢᠨ ᠲᠡᠮᠲᠡᠭᠯᠡᠯ᠂ ᠦᠪᠡᠷᠳᠡᠭᠡᠨ ᠪᠠᠶᠢᠴᠠᠭᠠᠨ ᠠᠰᠠᠭᠤᠬᠤ᠂ | ᠡᠮᠴᠢᠯᠡᠭᠦᠯᠦᠨ ᠳ᠋ᠦ᠋ᠩᠨᠡᠨ ᠪᠤᠳᠤᠬᠤ᠂ ᠰᠦᠢᠳᠬᠡᠯ ᠲᠤᠰᠢᠶᠠᠬᠤ ᠪᠠ ᠤᠯᠭᠤᠮᠵᠢ ᠠᠪᠬᠤ᠂ ᠮᠦᠩᠬᠦᠨ ᠬᠦᠢᠯᠭᠡᠭᠡᠨ ᠤ | ᠰᠦᠢᠳᠬᠡᠯ ᠲᠤᠰᠢᠶᠠᠬᠤ ᠵᠡᠷᠭᠡ 6 ᠶᠡᠭᠡ ᠴᠢᠲᠠᠪᠬᠢ 102 ᠲᠦᠷᠦᠯ ᠤᠨ ᠬᠡᠷᠡᠭᠯᠡᠭᠡᠨ ᠲᠠᠢ ᠶᠤᠮ᠂ ᠲᠤᠤᠷ᠎ᠠ ᠨᠢᠭᠡ | ᠨᠢᠭᠡ ᠪᠠᠷ ᠤᠢᠢᠯᠠᠭᠠᠶ᠎ᠠ᠃ | ᠪᠡᠶ᠎ᠡ ᠶᠢᠨ ᠦᠨᠡᠮᠯᠡᠯ ᠤᠨ ᠬᠡᠷᠡᠴᠢ ᠪᠠᠷᠢᠮᠲᠠ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ | ᠺᠠᠷᠲ ᠢᠶᠠᠷ ᠢᠶᠠᠨ ᠠᠵᠢᠯ ᠤᠯᠤᠬᠰᠠᠨ ᠲᠠᠩᠰᠠᠨ ᠳᠤ ᠲᠡᠮᠲᠡᠭᠯᠡᠬᠦ᠂ ᠠᠵᠢᠯ ᠠᠯᠲᠠᠬᠰᠠᠨ ᠲᠡᠩᠰᠠᠨ ᠳᠤ ᠲᠡᠮᠲᠡᠭᠯᠡᠬᠦ᠂ | ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠲᠡᠮᠲᠡᠭᠯᠡᠯ᠂ ᠠᠵᠢᠯ ᠠᠴᠠ ᠪᠤᠯᠤᠬᠰᠠᠨ ᠬᠡᠮᠲᠤᠯ ᠢᠶᠠᠷ ᠲᠤᠲᠤᠯᠠᠬᠤ᠂ | ᠠᠵᠢᠯ ᠮᠡᠷᠭᠡᠵᠢᠯ ᠤᠨ ᠪᠤᠯᠪᠠᠰᠤᠷᠠᠯ᠂ ᠮᠡᠷᠭᠡᠵᠢᠯ ᠴᠢᠲᠠᠪᠤᠷᠢ ᠶᠢᠨ ᠬᠢᠨᠠᠨ ᠲᠤᠬᠲᠠᠭᠠᠯᠲᠠ ᠵᠡᠷᠭᠡ ᠬᠦᠮᠦᠨ ᠤ | ᠬᠦᠴᠦᠨ ᠤ ᠡᠬᠢ ᠪᠠᠶᠠᠯᠢᠬ ᠪᠤᠯᠤᠨ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠬᠦᠢᠴᠡᠳᠬᠡᠵᠦ ᠪᠤᠯᠬᠤ ᠮᠦᠷᠲᠡᠭᠡᠨ | ᠡᠯ᠎ᠡ ᠲᠦᠷᠦᠯ ᠤᠨ ᠠᠵᠢᠯ ᠤᠯᠭᠤᠯᠲᠠ ᠶᠢᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠪᠤᠯᠤᠨ ᠠᠵᠢᠯ | ᠤᠯᠭᠤᠯᠲᠠ ᠶᠢᠨ ᠦᠢᠯᠡᠴᠢᠯᠡᠭᠡ᠂ ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ᠂ ᠴᠢᠲᠠᠪᠤᠷᠢᠲᠡᠨ ᠤ | ᠦᠢᠯᠡᠴᠢᠯᠡᠭᠡ ᠶᠢ ᠡᠳ᠋ᠯᠡᠵᠦ ᠪᠤᠯᠤᠨ᠎ᠠ᠃ | ᠡᠯᠧᠺᠲᠷᠣᠨ ᠮᠡᠲᠡᠭᠡ ᠵᠠᠩᠬᠢ ᠶᠢ ᠲᠡᠮᠲᠡᠭᠯᠡᠬᠦ ᠠᠴᠢᠶᠠᠯᠠᠪᠤᠷᠢ ᠪᠤᠯᠤᠬᠰᠠᠨ ᠤ ᠬᠤᠪᠢ ᠳᠤ᠂ ᠨᠡᠶᠢᠭᠡᠮ ᠤᠨ | ᠪᠠᠲᠤᠯᠠᠪᠤᠷᠢ ᠶᠢᠨ ᠺᠠᠷᠲ ᠨᠢ ᠬᠤᠪᠢ ᠬᠦᠮᠦᠨ ᠤ ᠦᠨᠳᠦᠰᠦᠨ ᠮᠡᠲᠡᠭᠡ ᠵᠠᠩᠬᠢ ᠪᠠ ᠬᠦᠮᠦᠨ ᠤ ᠬᠦᠴᠦᠨ ᠤ ᠡᠬᠢ | ᠪᠠᠶᠠᠯᠢᠬ ᠪᠤᠯᠤᠨ ᠨᠡᠶᠢᠭᠡᠮ ᠤᠨ ᠪᠠᠲᠤᠯᠠᠪᠤᠷᠢ ᠶᠢᠨ ᠵᠠᠩᠬᠢᠯᠠᠭ᠎ᠠ ᠶᠢᠨ ᠠᠵᠢᠯ ᠤᠨ ᠮᠡᠲᠡᠭᠡ ᠵᠠᠩᠬᠢ ᠶᠢ ᠲᠡᠮᠲᠡᠭᠯᠡᠵᠦ᠂ | ᠡᠯᠧᠺᠲᠷᠣᠨ ᠦᠨᠡᠮᠯᠡᠯ ᠤᠨ ᠬᠠᠭᠤᠯᠪᠤᠷᠢ ᠲᠡᠪᠲᠡᠷ ᠢ ᠪᠦᠷᠢᠯᠲᠦᠭᠦᠯᠵᠦ᠂ ᠦᠨᠡᠮᠯᠡᠯ ᠲᠠᠢ ᠠᠳᠠᠯᠢᠬᠠᠨ ᠢᠶᠠᠷ ᠬᠡᠷᠡᠭᠯᠡᠵᠦ | ᠪᠤᠯᠤᠨ᠎ᠠ᠃ | ᠠᠵᠢᠯ ᠤᠨ ᠰᠢᠰᠲ᠋ᠧᠮ ᠤᠨ ᠡᠯᠧᠺᠲᠷᠣᠨ ᠲᠦᠯᠬᠢᠬᠦᠷ ᠪᠤᠯᠤᠬᠰᠠᠨ ᠤ ᠬᠤᠪᠢ ᠳᠤ᠂ ᠨᠡᠶᠢᠭᠡᠮ ᠤᠨ | ᠪᠠᠲᠤᠯᠠᠪᠤᠷᠢ ᠶᠢᠨ ᠺᠠᠷᠲ ᠨᠢ ᠪᠠᠰᠠ ᠦᠪᠡᠰᠦᠪᠡᠨ ᠦᠢᠯᠡᠴᠢᠯᠡᠬᠦ ᠰᠢᠯᠵᠢᠶ᠎ᠡ ᠪᠤᠶᠤ ᠪᠤᠰᠤᠳ ᠦᠢᠯᠡᠴᠢᠯᠡᠭᠡᠨ ᠤ ᠠᠷᠭ᠎ᠠ | ᠵᠠᠮ ᠢᠶᠠᠷ ᠠᠷᠤ ᠲᠠᠯ᠎ᠠ ᠶᠢᠨ ᠰᠢᠰᠲ᠋ᠧᠮ ᠳᠤ ᠭᠠᠷᠴᠤ᠂ ᠬᠤᠪᠢ ᠬᠦᠮᠦᠨ ᠤ ᠡᠷᠬᠡ ᠠᠰᠢᠬ ᠤᠨ ᠮᠡᠲᠡᠭᠡ ᠵᠠᠩᠬᠢ ᠵᠢᠴᠢ | ᠬᠠᠮᠢᠶ᠎ᠠ ᠪᠦᠬᠦᠢ ᠠᠵᠢᠯ ᠢ ᠦᠪᠡᠰᠦᠪᠡᠨ ᠬᠦᠢᠴᠡᠳᠭᠡᠵᠦ ᠪᠤᠯᠤᠨ᠎ᠠ᠃ | ᠰᠦᠢᠳᠬᠡᠯ ᠢ ᠳ᠋ᠦ᠋ᠩᠨᠡᠨ ᠪᠤᠳᠤᠬᠤ ᠡᠯᠧᠺᠲᠷᠣᠨ ᠦᠨᠡᠮᠯᠡᠯ ᠪᠤᠯᠤᠬᠰᠠᠨ ᠤ ᠬᠤᠪᠢ ᠳᠤ᠂ ᠨᠡᠶᠢᠭᠡᠮ ᠤᠨ | ᠪᠠᠲᠤᠯᠠᠪᠤᠷᠢ ᠶᠢᠨ ᠺᠠᠷᠲ ᠨᠢ ᠲᠤᠰ ᠤᠷᠤᠨ ᠪᠤᠯᠤᠨ ᠤᠷᠤᠨ ᠠᠯᠤᠰᠯᠠᠬᠰᠠᠨ ᠡᠮ ᠡᠮᠨᠡᠯᠭᠡ ᠶᠢᠨ ᠲᠠᠭᠠᠳᠬᠠᠯ᠂ | ᠠᠵᠢᠯ ᠠᠴᠠ ᠪᠤᠯᠤᠬᠰᠠᠨ ᠬᠡᠮᠲᠤᠯ ᠤᠨ ᠲᠠᠭᠠᠳᠬᠠᠯ᠂ ᠦᠷᠡᠵᠢᠯ ᠤᠨ ᠲᠠᠭᠠᠳᠬᠠᠯ ᠤᠨ ᠡᠮᠴᠢᠯᠡᠭᠡᠨ ᠤ ᠰᠦᠢᠳᠬᠡᠯ ᠢ | ᠴᠠᠬ ᠲᠤᠬᠠᠢ ᠳᠤᠨᠢ ᠳ᠋ᠦ᠋ᠩᠨᠡᠨ ᠪᠤᠳᠤᠵᠦ᠂ ᠨᠤᠮᠧᠷ ᠠᠪᠬᠤ᠂ ᠡᠮᠴᠢᠯᠡᠬᠦᠯᠬᠦ᠂ ᠵᠢᠷᠮᠦᠰᠦᠨ ᠪᠤᠯᠤᠬᠰᠠᠨ ᠢᠶᠠᠷ | ᠲᠡᠩᠰᠠᠯᠠᠬᠤ᠂ ᠡᠮᠨᠡᠯᠭᠡ ᠳᠤ ᠰᠠᠭᠤᠬᠤ ᠪᠠᠷ ᠲᠠᠩᠰᠠᠯᠠᠬᠤ᠂ ᠡᠮ ᠠᠪᠬᠤ ᠵᠡᠷᠭᠡ ᠡᠮᠴᠢᠯᠡᠭᠦᠯᠬᠦ ᠶᠠᠪᠤᠴᠠ ᠳᠠᠬᠢ ᠮᠡᠲᠡᠭᠡ | ᠵᠠᠩᠬᠢ ᠶᠢᠨ ᠦᠢᠯᠡᠴᠢᠯᠡᠭᠡ ᠶᠢ ᠪᠡᠶᠡᠯᠡᠭᠦᠯᠵᠦ ᠴᠢᠲᠠᠨ᠎ᠠ᠃ | ᠨᠡᠶᠢᠭᠡᠮ ᠤᠨ ᠪᠠᠲᠤᠯᠠᠪᠤᠷᠢ ᠶᠢᠨ ᠺᠠᠷᠲ ᠪᠤᠯᠤᠨ ᠪᠠᠩᠬᠢ ᠶᠢᠨ ᠬᠠᠷᠢᠯᠴᠠᠭᠠᠨ ᠤ ᠵᠠᠭᠤᠴᠢ ᠪᠤᠯᠤᠬᠰᠠᠨ ᠤ | ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠪᠠᠩᠬᠢ ᠶᠢᠨ ᠲᠠᠩᠰᠠᠨ ᠤ ᠢᠯᠭᠠᠯ ᠢᠶᠠᠷ ᠲᠠᠮᠵᠢᠨ | ᠰᠦᠢᠳᠬᠡᠯ ᠲᠤᠰᠢᠶᠠᠬᠤ ᠪᠠ ᠬᠠᠷᠠᠭᠠᠯᠵᠠᠯ ᠤᠨ ᠮᠦᠩᠬᠦ ᠪᠠᠨ ᠠᠪᠴᠤ ᠪᠤᠯᠤᠨ᠎ᠠ᠂ ᠲᠠᠷᠤᠢ ᠬᠤᠪᠢ ᠬᠦᠮᠦᠨ ᠤ ᠡᠯ᠎ᠡ | ᠲᠦᠷᠦᠯ ᠤᠨ ᠨᠡᠶᠢᠭᠡᠮ ᠤᠨ ᠲᠠᠭᠠᠳᠬᠠᠯ ᠤᠨ ᠰᠦᠢᠳᠬᠡᠯ ᠲᠤᠰᠢᠶᠠᠬᠤ᠂ ᠬᠦᠮᠦᠨ ᠤ ᠶᠠᠪᠤᠲᠠᠯ ᠴᠢᠲᠠᠪᠤᠷᠢᠲᠠᠨ ᠤ | ᠰᠢᠯᠭᠠᠯᠲᠠ ᠶᠢᠨ ᠰᠦᠢᠳᠬᠡᠯ ᠲᠤᠰᠢᠶᠠᠬᠤ᠂ ᠡᠯ᠎ᠡ ᠲᠦᠷᠦᠯ ᠤᠨ ᠨᠡᠶᠢᠭᠡᠮ ᠤᠨ ᠲᠠᠭᠠᠳᠬᠠᠯ ᠤᠨ ᠲᠤᠬᠲᠠᠬᠰᠠᠨ | ᠬᠤᠭᠤᠴᠠᠭᠠᠨ ᠤ ᠬᠠᠷᠠᠭᠠᠯᠵᠠᠯ ᠪᠤᠯᠤᠨ ᠨᠢᠭᠡ ᠤᠳᠠᠭ᠎ᠠ ᠶᠢᠨ ᠴᠢᠨᠠᠷᠲᠠᠢ ᠬᠠᠷᠠᠭᠠᠯᠵᠠᠯ ᠠᠪᠬᠤ᠂ ᠲᠠᠩᠰᠠᠨ ᠠᠴᠠ | ᠲᠠᠶᠢᠯᠤᠬᠰᠠᠨ ᠰᠦᠢᠳᠬᠡᠯ ᠢᠶᠠᠨ ᠠᠪᠬᠤ᠂ ᠠᠵᠢᠯ ᠤᠯᠭᠤᠯᠲᠠ ᠶᠢᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ | ᠨᠦᠬᠦᠪᠦᠷᠢ ᠮᠦᠩᠬᠦ ᠠᠪᠬᠤ᠂ ᠭᠤᠤᠯᠲᠠᠯᠭ᠎ᠠ ᠲᠠᠢ ᠠᠵᠢᠯ ᠲᠦᠷᠦᠯ ︵ᠠᠵᠦ ᠠᠬᠤᠢᠢᠯᠠᠯ︶ ᠤᠨ ᠬᠦᠯᠦᠰᠦᠨ | ᠲᠠᠷᠢᠶᠠᠴᠢᠨ ᠤ ᠴᠠᠯᠢᠩ ᠠᠪᠬᠤ ᠵᠡᠷᠭᠡ᠃ | ᠪᠠᠩᠬᠢ ᠶᠢᠨ ᠺᠠᠷᠲ ᠪᠤᠯᠤᠬᠰᠠᠨ ᠤ ᠬᠤᠪᠢ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠪᠠᠩᠬᠢ ᠶᠢᠨ | ᠲᠠᠩᠰᠠᠨ ᠤ ᠢᠯᠭᠠᠯ ᠢᠶᠠᠷ ᠵᠤᠭᠤᠰ ᠬᠠᠲᠠᠭᠠᠯᠠᠬᠤ ᠭᠠᠷᠭᠠᠨ ᠠᠪᠬᠤ᠂ ᠰᠢᠯᠵᠢᠭᠦᠯᠬᠦ᠂ ᠤᠷᠤᠯᠠᠨ ᠬᠤᠷᠢᠶᠠᠨ ᠠᠪᠬᠤ | ᠤᠷᠤᠯᠠᠨ ᠲᠤᠰᠢᠶᠠᠬᠤ ᠵᠡᠷᠭᠡ ᠠᠵᠢᠯ ᠢ ᠬᠦᠢᠴᠡᠳᠬᠡᠵᠦ ᠪᠤᠯᠤᠨ᠎ᠠ᠃ ᠬᠡᠪᠡᠴᠤ ᠨᠡᠶᠢᠭᠡᠮ ᠤᠨ ᠪᠠᠲᠤᠯᠠᠪᠤᠷᠢ ᠶᠢᠨ | ᠺᠠᠷᠲ ᠤᠨ ᠠᠴᠢᠶᠠᠯᠠᠵᠦ ᠪᠠᠶᠢᠭ᠎ᠠ ᠮᠦᠩᠬᠦᠨ ᠬᠦᠢᠯᠭᠡᠭᠡᠨ ᠤ ᠴᠢᠲᠠᠪᠬᠢ ᠨᠢ ᠵᠦᠪᠬᠡᠨ ᠵᠤᠭᠤᠰ ᠬᠠᠲᠠᠭᠠᠯᠠᠵᠦ ᠵᠤᠭᠤᠰ | ᠭᠠᠷᠭᠠᠨ ᠠᠪᠴᠤ ᠪᠤᠯᠬᠤ ᠠᠴᠠ ᠪᠢᠰᠢ᠂ ᠬᠠᠲᠠᠭᠠᠯᠠᠮᠵᠢ ᠠᠴᠠ ᠬᠡᠲᠦᠷᠡᠲᠡᠯ᠎ᠡ ᠵᠠᠷᠤᠵᠦ ᠪᠤᠯᠬᠤ ᠦᠭᠡᠢ ᠤᠴᠢᠷ ᠠᠴᠠ᠂ | ᠡᠩ ᠤᠨ ᠪᠠᠩᠬᠢ ᠶᠢᠨ ᠺᠠᠷᠲ ᠲᠠᠢ ᠶᠠᠮᠠᠷᠴᠤ ᠵᠦᠷᠢᠶ᠎ᠡ ᠦᠭᠡᠢ᠃ ᠺᠠᠷᠲ ᠲᠠᠷᠬᠠᠭᠠᠬᠰᠠᠨ ᠪᠠᠩᠬᠢ ᠨᠢ ᠨᠡᠶᠢᠭᠡᠮ ᠤᠨ | ᠪᠠᠲᠤᠯᠠᠪᠤᠷᠢ ᠶᠢᠨ ᠺᠠᠷᠲ ᠠᠴᠠ ᠤᠨ ᠤ ᠰᠦᠢᠳᠬᠡᠯ ᠬᠤᠷᠢᠶᠠᠬᠤ ᠦᠭᠡᠢ ᠮᠦᠷᠲᠡᠭᠡᠨ ᠪᠠᠭ᠎ᠠ ᠬᠡᠮᠵᠢᠶᠡᠨ ᠤ ᠲᠠᠩᠰᠠᠨ ᠤ | ᠡᠷᠦᠭᠡ ᠶᠢᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠦᠭᠡᠢ ᠶᠤᠮ᠃ | ᠠᠰᠠᠭᠤᠯᠲᠠ᠄ ᠶᠠᠮᠠᠷ ᠬᠦᠮᠦᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠴᠤ ᠪᠤᠯᠬᠤ ᠪᠤᠢ︖ | | ᠬᠠᠷᠢᠭᠤᠯᠲᠠ᠄ ᠮᠠᠨ ᠤ ᠤᠷᠤᠨ ᠳᠤ ᠠᠵᠢᠯ ᠤᠯᠤᠬᠰᠠᠨ ᠪᠤᠶᠤ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ | ᠲᠤᠮᠲᠠᠲᠤ ᠤᠯᠤᠰ ᠤᠨ ᠡᠬᠡ ᠬᠠᠭᠤᠷᠠᠢ ᠶᠢᠨ ᠡᠷᠬᠡᠲᠦ ᠠᠷᠠᠳ᠂ ᠰᠢᠶᠠᠩᠭᠠᠩ ᠤᠤᠮᠧᠨ ᠲᠠᠶᠢᠸᠠᠨ ᠤ ᠠᠷᠠᠳ᠂ | ᠲᠤᠮᠲᠠᠲᠤ ᠶᠢᠨ ᠬᠠᠷᠢᠶᠠᠲᠦ᠂ ᠭᠠᠲᠠᠭᠠᠲᠦ ᠤᠯᠤᠰ ᠤᠨ ᠬᠦᠮᠦᠨ ᠪᠦᠭᠦᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ | ᠡᠷᠡᠮᠡᠯᠵᠡᠯᠡᠨ ᠠᠪᠴᠤ ᠪᠤᠯᠤᠨ᠎ᠠ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠬᠤ ᠳᠤ ᠰᠦᠢᠳᠬᠡᠯ ᠬᠤᠷᠢᠶᠠᠨ᠎ᠠ | ᠤᠤ︖ ᠬᠠᠷᠢᠭᠤᠯᠲᠠ᠄ ᠮᠠᠨ ᠤ ᠤᠷᠤᠨ ᠳᠤ ᠠᠩᠬ᠎ᠠ ᠤᠳᠠᠭ᠎ᠠ ᠨᠡᠶᠢᠭᠡᠮ ᠤᠨ ᠪᠠᠲᠤᠯᠠᠪᠤᠷᠢ ᠶᠢᠨ ᠺᠠᠷᠲ ᠢ | ᠡᠷᠡᠮᠡᠯᠵᠡᠯᠡᠨ ᠠᠪᠬᠤ ᠳᠤ ᠰᠦᠢᠳᠬᠡᠯ ᠬᠤᠷᠢᠶᠠᠬᠤ ᠦᠭᠡᠢ᠂ ᠺᠠᠷᠲ ᠢᠶᠠᠨ ᠨᠦᠬᠦᠨ ᠠᠪᠬᠤ ᠪᠤᠶᠤ ᠰᠤᠯᠢᠬᠤ ᠳᠤ | ᠬᠦᠯᠦᠰᠦ ᠦᠷᠲᠡᠭ ᠤᠨ ᠵᠠᠷᠤᠲᠠᠯ ᠠᠪᠤᠨ᠎ᠠ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠠᠮᠢᠭ᠎ᠠ ᠠᠴᠠ ᠡᠷᠡᠮᠡᠯᠵᠡᠯᠡᠨ ᠠᠪᠲᠠᠭ ᠪᠤᠢ︖ | ᠬᠠᠷᠢᠭᠤᠯᠲᠠ᠄ ᠤᠳᠤᠬᠢ ᠱᠠᠲᠤᠨ ᠳᠤ᠂ ᠪᠠᠶᠢᠭᠤᠯᠤᠯᠭ᠎ᠠ ᠶᠢᠨ ᠠᠵᠢᠯᠲᠠᠨ ︵ᠬᠡᠷ᠎ᠡ ᠶᠢᠨ ᠲᠦᠷᠢᠮ ᠢᠶᠠᠷ | ᠬᠡᠷᠡᠭᠯᠡᠭᠰᠡᠨ ᠬᠦᠮᠦᠰ ᠢ ᠪᠠᠭᠲᠠᠭᠠᠨ᠎ᠠ︶᠂ ᠠᠵᠢᠯ ᠠᠴᠠ ᠪᠠᠨ ᠲᠠᠷᠬᠠᠯᠠᠬᠲᠠᠵᠦ ᠠᠵᠢᠯ ᠠᠴᠠ ᠪᠠᠨ ᠠᠮᠠᠷᠠᠬᠰᠠᠨ | ᠬᠦᠮᠦᠰ ᠤᠨ ᠬᠢ ᠶᠢ ᠪᠠᠶᠢᠭᠤᠯᠤᠯᠭ᠎ᠠ ᠠᠴᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠬᠠᠮᠢᠶᠠᠷᠤᠬᠴᠢ ᠠᠴᠠ ᠤᠷᠤᠯᠠᠨ | ᠡᠷᠡᠮᠡᠯᠵᠡᠯᠡᠨ ᠠᠪᠤᠨ᠎ᠡ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯᠲᠠᠨ᠂ ᠰᠤᠷᠭᠠᠭᠤᠯᠢ ᠳᠤ ᠪᠠᠶᠢᠭ᠎ᠠ | ᠰᠤᠷᠤᠬᠴᠢ ᠶᠢᠨ ᠬᠢ ᠶᠢ ᠰᠤᠷᠭᠠᠭᠤᠯᠢ ᠶᠢᠨ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠬᠠᠮᠢᠶᠠᠷᠤᠬᠴᠢ ᠠᠴᠠ ᠤᠷᠤᠯᠠᠨ | ᠡᠷᠡᠮᠡᠯᠵᠡᠯᠡᠨ ᠠᠪᠤᠨ᠎ᠡ᠂ ᠬᠤᠪᠢ ᠶᠢᠨ ᠦᠢᠯᠡᠳᠪᠦᠷᠢ ᠬᠤᠲᠠᠯᠲᠤᠭᠠᠴᠢᠨ᠂ ᠴᠢᠯᠦᠭᠡᠳᠡᠢ ᠠᠵᠢᠯ ᠬᠢᠵᠦ ᠪᠠᠶᠢᠭ᠎ᠠ | ᠬᠦᠮᠦᠰ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠨᠡᠶᠢᠭᠡᠮᠴᠢᠯᠡᠨ ᠬᠠᠮᠢᠶᠠᠷᠴᠤ ᠪᠠᠶᠢᠭ᠎ᠠ | ᠠᠵᠢᠯ ᠠᠴᠠ ᠪᠠᠨ ᠠᠮᠠᠷᠠᠬᠰᠠᠨ ᠠᠵᠢᠯᠲᠠᠳ ᠤᠨ ᠬᠢ ᠶᠢ ᠵᠡᠭᠡᠯᠢ ᠭᠤᠲᠤᠮᠵᠢ ᠶᠢᠨ ᠨᠡᠶᠢᠭᠡᠮ ᠤᠨ ᠪᠠᠲᠤᠯᠠᠪᠤᠷᠢ ᠶᠢ | ᠬᠠᠮᠵᠢᠨ ᠬᠦᠢᠴᠡᠳᠬᠡᠭᠴᠢ ᠪᠤᠶᠤ ᠨᠡᠶᠢᠭᠡᠮ ᠲᠤᠭᠤᠷᠢᠭ ᠤᠨ ᠨᠡᠶᠢᠭᠡᠮ ᠤᠨ ᠪᠠᠲᠤᠯᠠᠪᠤᠷᠢ ᠶᠢ ᠬᠠᠮᠵᠢᠬᠴᠢ ᠠᠴᠠ | ᠤᠷᠤᠯᠠᠨ ᠡᠷᠡᠮᠡᠯᠵᠡᠯᠡᠨ ᠠᠪᠤᠨ᠎ᠠ᠂ ᠬᠦᠲᠡᠭᠡ ᠲᠤᠰᠬᠤᠨ ᠤ ᠰᠠᠭᠤᠭᠠᠯᠢ ᠠᠷᠠᠳ ᠤᠨ ᠬᠢ ᠶᠢ ᠰᠢᠶᠠᠩ ᠪᠠᠯᠭᠠᠰᠤ᠂ | ᠲᠤᠰᠬᠤᠨ ᠭᠠᠴᠠᠭᠠᠨ ᠤ ᠨᠡᠶᠢᠭᠡᠮ ᠤᠨ ᠪᠠᠲᠤᠯᠠᠪᠤᠷᠢ ᠶᠢᠨ ᠬᠠᠮᠵᠢᠨ ᠬᠠᠮᠢᠶᠠᠷᠤᠬᠴᠢ ᠠᠴᠠ ᠤᠷᠤᠯᠠᠨ ᠡᠷᠡᠮᠡᠯᠵᠡᠯᠡᠨ | ᠠᠪᠤᠨ᠎ᠠ︔ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠶᠢ ᠲᠤᠬᠢᠷᠠᠭᠤᠯᠤᠬᠰᠠᠨ | ᠬᠤᠶᠢᠨ᠎ᠠ᠂ ᠡᠷᠡᠮᠡᠯᠵᠡᠯᠡᠨ ᠠᠪᠤᠬᠴᠢ ᠨᠢ ᠰᠢᠭᠤᠳ ᠦᠢᠯᠡᠴᠢᠯᠡᠭᠡᠨ ᠤ ᠴᠤᠩᠬᠤᠪᠴᠢ ᠳᠤ ᠬᠦᠷᠴᠦ ᠡᠷᠡᠮᠡᠯᠵᠡᠯᠡᠨ | ᠠᠪᠴᠤ ᠪᠤᠯᠤᠨ᠎ᠠ᠃ ᠤᠳᠤᠬᠠᠨ ᠳᠤ᠂ ᠪᠠᠰᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ | ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠰᠦᠯᠵᠢᠶ᠎ᠡ ︵www.12333k.cn︶ ᠳᠤ ᠭᠠᠷᠴᠤ ᠮᠡᠲᠡᠭᠡ | ᠵᠠᠩᠬᠢ ᠪᠠᠨ ᠲᠠᠭᠯᠠᠨ ᠰᠦᠯᠵᠢᠶᠡᠨ ᠲᠡᠭᠡᠷ᠎ᠡ ᠡᠷᠡᠮᠡᠯᠵᠡᠯᠡᠨ ᠠᠪᠴᠤ ᠪᠤᠯᠤᠨ᠎ᠡ᠃ ᠨᠡᠶᠢᠭᠡᠮ ᠤᠨ ᠪᠠᠲᠤᠯᠠᠪᠤᠷᠢ ᠶᠢᠨ | ᠺᠠᠷᠲ ᠢᠶᠠᠨ ᠡᠷᠡᠮᠡᠯᠵᠡᠯᠡᠭᠡ ᠦᠭᠡᠢ ᠪᠤᠶᠤ ᠨᠢᠭᠡᠨᠲᠡ ᠡᠷᠡᠮᠡᠯᠵᠡᠯᠡᠭᠰᠡᠨ ᠬᠤᠶᠢᠨ᠎ᠡ ᠲᠤᠰᠤᠨ ᠤᠯᠬᠤ ᠠᠴᠠ ᠡᠮᠦᠨ᠎ᠡ᠂ | ᠬᠡᠷᠪᠡ ᠺᠠᠷᠲ ᠬᠡᠷᠡᠭᠯᠡᠬᠦ ᠴᠢᠬᠤᠯᠠ ᠲᠠᠢ ᠪᠤᠯ᠂ ᠲᠠᠭᠠᠳᠬᠠᠯ ᠳᠤ ᠤᠷᠤᠯᠴᠠᠬᠴᠢ ᠪᠤᠶᠤ ᠨᠡᠶᠢᠲᠡᠬᠰᠠᠨ ᠪᠤᠰᠤᠳ | ᠬᠦᠮᠦᠨ ᠨᠢ ᠲᠠᠭᠠᠳᠬᠠᠯ ᠳᠤ ᠤᠷᠤᠯᠴᠠᠬᠰᠠᠨ ᠭᠠᠵᠠᠷ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ | ᠦᠢᠯᠡᠴᠢᠯᠡᠭᠡᠨ ᠤ ᠴᠤᠩᠬᠤᠪᠴᠢ ᠳᠤ ᠬᠦᠷᠴᠦ ᠲᠦᠷ ᠴᠠᠬ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ | ᠡᠷᠡᠮᠡᠯᠵᠡᠯᠡᠨ ᠠᠪᠴᠤ ᠪᠤᠯᠤᠨ᠎ᠠ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠬᠤ ᠳᠤ ᠶᠠᠮᠠᠷ ᠶᠠᠮᠠᠷ ᠦᠨᠡᠮᠯᠡᠯ | ᠬᠡᠷᠡᠭᠲᠡᠢ ᠪᠤᠢ︖ | ᠬᠠᠷᠢᠭᠤᠯᠲᠠ᠄ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠭᠡ ᠠᠮᠠ ᠶᠢᠨ | ᠲᠠᠩᠰᠠᠨ ᠤ ᠲᠡᠪᠲᠡᠷ᠂ ᠫᠠᠷᠰᠫᠤᠷᠲ᠂ ᠭᠠᠲᠠᠭᠠᠲᠦ ᠤᠯᠤᠰ ᠤᠨ ᠬᠦᠮᠦᠨ ᠤ ᠪᠠᠶᠢᠩᠭᠤ ᠰᠠᠭᠤᠭ᠎ᠠ ᠦᠨᠡᠮᠯᠡᠯ᠂ | ᠰᠢᠶᠠᠩᠭᠠᠩ ᠤᠤᠮᠧᠨ ᠤ ᠰᠠᠭᠤᠭᠠᠯᠢ ᠠᠷᠠᠳ ᠤᠨ ᠲᠤᠲᠤᠷ ᠭᠠᠵᠠᠷ ᠲᠤ ᠨᠡᠪᠲᠡᠷᠡᠬᠦ ᠦᠨᠡᠮᠯᠡᠯ᠂ ᠲᠠᠶᠢᠸᠠᠨ ᠤ | ᠰᠠᠭᠤᠭᠠᠯᠢ ᠠᠷᠠᠳ ᠤᠨ ᠲᠤᠲᠤᠷ ᠭᠠᠵᠠᠷ ᠲᠤ ᠨᠡᠪᠲᠡᠷᠡᠬᠦ ᠦᠨᠡᠮᠯᠡᠯ ᠵᠡᠷᠭᠡ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠤᠯᠤᠬᠰᠠᠨ ᠬᠤᠶᠢᠨ᠎ᠠ ᠰᠢᠭᠤᠳ ᠬᠡᠷᠡᠭᠯᠡᠵᠦ | ᠲᠡᠶᠢᠯᠦᠨ᠎ᠡ ᠤᠤ︖ | ᠬᠠᠷᠢᠭᠤᠯᠲᠠ᠄ ᠲᠡᠶᠢᠯᠦᠨ᠎ᠡ᠃ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠬᠤᠷᠢᠶᠠᠨ ᠤᠯᠤᠬᠰᠠᠨ | ᠬᠤᠶᠢᠨ᠎ᠠ᠂ ᠺᠠᠷᠲ ᠨᠡᠭᠡᠭᠡᠬᠦ ᠭᠠᠷ ᠬᠦᠢᠴᠡᠳᠬᠡᠯ ᠬᠢᠬᠦ ᠴᠢᠬᠤᠯᠠ ᠦᠭᠡᠢ᠂ ᠠᠩᠬ᠎ᠠ ᠤᠳᠠᠭ᠎ᠠ ᠬᠡᠷᠡᠭᠯᠡᠬᠦ ᠳᠤ ᠲᠠᠷᠤᠢ | ᠡᠯᠧᠺᠲᠷᠣᠨ ᠬᠡᠷᠡᠴᠢ ᠶᠢᠨ ᠴᠢᠲᠠᠪᠬᠢ᠂ ᠮᠡᠲᠡᠭᠡ ᠵᠠᠩᠬᠢ ᠶᠢ ᠲᠡᠮᠲᠡᠭᠯᠡᠬᠦ ᠴᠢᠲᠠᠪᠬᠢ᠂ ᠦᠪᠡᠰᠦᠪᠡᠨ ᠪᠠᠶᠢᠴᠠᠭᠠᠨ | ᠠᠰᠠᠭᠤᠬᠤ ᠴᠢᠲᠠᠪᠬᠢ᠂ ᠰᠦᠢᠳᠬᠡᠯ ᠲᠤᠰᠢᠶᠠᠬᠤ ᠪᠠ ᠬᠠᠷᠠᠭᠠᠯᠵᠠᠯ ᠢ ᠲᠠᠷᠬᠠᠭᠠᠬᠤ ᠴᠢᠲᠠᠪᠬᠢ ᠨᠢ ᠦᠪᠡᠷ ᠢᠶᠠᠨ | ᠨᠡᠭᠡᠭᠡᠭᠲᠡᠴᠢᠬᠡᠨᠡ᠃ ᠬᠡᠷᠪᠡ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠮᠦᠩᠬᠦᠨ ᠬᠦᠢᠯᠭᠡᠭᠡᠨ ᠤ ᠴᠢᠲᠠᠪᠬᠢ ᠶᠢᠨ | ᠬᠠᠷᠠᠭᠠᠯᠵᠠᠯ ᠢᠶᠠᠨ ᠲᠤᠰᠤᠨ ᠠᠪᠬᠤ ᠪᠠ ᠮᠦᠩᠬᠦᠨ ᠬᠦᠢᠯᠭᠡᠭᠡᠨ ᠤ ᠰᠦᠢᠳᠬᠡᠯ ᠲᠤᠰᠢᠶᠠᠬᠤ ᠬᠡᠷᠡᠭᠯᠡᠭᠡᠨ ᠢ ᠨᠡᠭᠡᠭᠡᠬᠦ | ᠬᠡᠪᠡᠯ᠂ ᠡᠷᠬᠡᠪᠰᠢ ᠺᠠᠷᠲ ᠤᠨ ᠡᠵᠡᠨ ᠨᠢ ᠺᠠᠷᠲ ᠢᠶᠠᠨ ᠪᠡᠶ᠎ᠡ ᠶᠢᠨ ᠦᠨᠡᠮᠯᠡᠯ ᠲᠠᠢ ᠪᠠᠨ ᠬᠠᠮᠲᠦ ᠺᠠᠷᠲ ᠲᠠᠷᠬᠠᠭᠠᠬᠰᠠᠨ | ᠪᠠᠩᠬᠢ ᠶᠢᠨ ᠲᠤᠷ᠎ᠠ ᠶᠢᠨ ᠨᠢᠭᠡᠨ ᠰᠦᠯᠵᠢᠶᠡᠨ ᠴᠡᠭ ᠲᠤ ᠬᠦᠷᠴᠦ ᠠᠩᠬᠠᠨ ᠤ ᠮᠦᠩᠬᠦᠨ ᠬᠦᠢᠯᠭᠡᠭᠡᠨ ᠤ ᠨᠢᠭᠤᠴᠠ | ᠨᠤᠮᠧᠷ ᠢᠶᠠᠨ ᠬᠠᠯᠠᠬᠤ ᠴᠢᠬᠤᠯᠠᠲᠠᠢ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠬᠡᠲᠦᠨ ᠨᠢᠭᠤᠴᠠ ᠨᠤᠮᠧᠷ ᠲᠠᠢ ᠪᠤᠢ︖ | ᠲᠤᠰᠪᠤᠷᠢ ᠬᠠᠮᠢᠭ᠎ᠠ ᠬᠡᠷᠡᠭᠯᠡᠲᠡᠭ ᠪᠢᠯᠡ︖ | ᠬᠠᠷᠢᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠨᠢ ᠬᠤᠶᠠᠷ ᠨᠢᠭᠤᠴᠠ ᠨᠤᠮᠧᠷ ᠲᠠᠢ᠄ ᠨᠢᠭᠡ ᠨᠢ | ᠨᠡᠶᠢᠭᠡᠮ ᠤᠨ ᠪᠠᠲᠤᠯᠠᠪᠤᠷᠢ ᠶᠢᠨ ᠨᠢᠭᠤᠴᠠ ᠨᠤᠮᠧᠷ᠂ ᠨᠦᠬᠦᠭᠡ ᠨᠢ ᠮᠦᠩᠬᠦᠨ ᠬᠦᠢᠯᠭᠡᠭᠡᠨ ᠤ ᠨᠢᠭᠤᠴᠠ ᠨᠤᠮᠧᠷ᠃ | ᠭᠠᠷᠲᠠᠨ ᠬᠦᠢᠴᠡᠳᠬᠡᠭᠰᠡᠨ ᠦᠢᠯᠡᠴᠢᠯᠡᠭᠡᠨ ᠤ ᠴᠤᠩᠬᠤᠪᠴᠢ ᠵᠢᠴᠢ ᠦᠪᠡᠰᠦᠪᠡᠨ ᠦᠢᠯᠡᠴᠢᠯᠡᠨ ᠪᠠᠶᠢᠴᠠᠭᠠᠬᠤ | ᠰᠢᠯᠵᠢᠶ᠎ᠡ ᠪᠠᠷ ᠪᠠᠶᠢᠴᠠᠭᠠᠨ ᠠᠰᠠᠭᠤᠬᠤ ᠪᠤᠶᠤ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠭᠠᠷᠲᠠᠨ ᠬᠢᠬᠦ ᠳᠤ᠂ | ᠡᠰᠡᠭᠦᠯ᠎ᠡ ᠡᠮᠨᠡᠯᠭᠡ᠂ ᠡᠮ ᠤᠨ ᠲᠡᠯᠭᠡᠭᠦᠷ ᠲᠤ ᠡᠮ ᠡᠮᠨᠡᠯᠭᠡ ᠶᠢᠨ ᠲᠠᠭᠠᠳᠬᠠᠯ ᠤᠨ ᠲᠠᠩᠰᠠ ᠶᠢ ᠳ᠋ᠦ᠋ᠩᠨᠡᠨ | ᠪᠤᠳᠤᠬᠤ ᠳᠤ ᠨᠡᠶᠢᠭᠡᠮ ᠤᠨ ᠪᠠᠲᠤᠯᠠᠪᠤᠷᠢ ᠶᠢᠨ ᠨᠢᠭᠤᠴᠠ ᠨᠤᠮᠧᠷ ᠢ ᠬᠡᠷᠡᠭᠯᠡᠨ᠎ᠡ︔ ᠪᠠᠩᠬᠢ᠂ ATM ᠮᠠᠰᠢᠨ᠂ | POS ᠮᠠᠰᠢᠨ ᠲᠡᠭᠡᠷ᠎ᠡ ᠪᠠᠶᠢᠴᠠᠭᠠᠨ ᠠᠰᠠᠭᠤᠬᠤ ᠪᠤᠶᠤ ᠮᠦᠩᠬᠦᠨ ᠬᠦᠢᠯᠭᠡᠭᠡᠨ ᠤ ᠠᠵᠢᠯ ᠢ ᠭᠠᠷᠲᠠᠨ ᠬᠢᠬᠦ ᠳᠤ | ᠮᠦᠩᠬᠦᠨ ᠬᠦᠢᠯᠭᠡᠭᠡᠨ ᠤ ᠨᠢᠭᠤᠴᠠ ᠨᠤᠮᠧᠷ ᠢ ᠬᠡᠷᠡᠭᠯᠡᠨ᠎ᠡ᠃ | ᠠᠰᠠᠭᠤᠯᠲᠠ᠄ ᠺᠠᠷᠲ ᠢᠶᠠᠷ ᠢᠶᠠᠨ ᠬᠡᠷᠬᠢᠨ ᠰᠦᠢᠳᠬᠡᠯ ᠲᠤᠰᠢᠶᠠᠬᠤ ᠪᠤᠢ︖ | ᠬᠠᠷᠢᠭᠤᠯᠲᠠ᠄ ᠰᠦᠢᠳᠬᠡᠯ ᠲᠤᠰᠢᠶᠠᠬᠴᠢ ᠨᠢ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠬᠤᠷᠰᠢᠬᠰᠠᠨ | ᠪᠠᠩᠬᠢ᠂ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠲᠠᠢ ᠬᠤᠲᠠ ᠬᠦᠲᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠲᠠᠭᠠᠳᠬᠠᠯ ᠤᠨ ᠰᠦᠢᠳᠬᠡᠯ ᠢ ᠪᠦᠭᠡᠮ ᠢᠶᠠᠷ ᠰᠢᠯᠵᠢᠭᠦᠯᠦᠨ ᠲᠤᠰᠢᠶᠠᠬᠤ ᠭᠤᠷᠪᠠᠨ | ᠲᠠᠯ᠎ᠠ ᠶᠢᠨ ᠬᠡᠯᠡᠯᠴᠡᠭᠡᠷ ᠢ ᠲᠤᠬᠲᠠᠬᠰᠠᠨ ᠪᠠᠶᠢᠬᠤ ᠬᠡᠷᠡᠭᠲᠡᠢ᠂ ᠦᠪᠦᠷ ᠮᠤᠩᠭᠤᠯ ᠤᠨ 12333 ᠭᠠᠷ ᠤᠲᠠᠰᠤᠨ ᠤ | ᠰᠢᠯᠵᠢᠶ᠎ᠡ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ᠂ ᠦᠪᠡᠰᠦᠪᠡᠨ | ᠦᠢᠯᠡᠴᠢᠯᠡᠬᠦ ᠨᠢᠭᠡ ᠴᠤᠬᠴᠠᠵᠢᠬᠰᠠᠨ ᠮᠠᠰᠢᠨ ᠵᠡᠷᠭᠡ ᠠᠷᠭ᠎ᠠ ᠬᠡᠯᠪᠡᠷᠢ ᠪᠠᠷ ᠰᠦᠢᠳᠬᠡᠯ ᠲᠤᠰᠢᠶᠠᠬᠤ ᠲᠡᠰ ᠢ | ᠦᠪᠡᠰᠦᠪᠡᠨ ᠰᠤᠩᠭᠤᠬᠤ ᠶᠢᠨ ᠬᠠᠮᠲᠦ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠮᠦᠩᠬᠦᠨ ᠬᠦᠢᠯᠭᠡᠭᠡᠨ ᠤ | ᠲᠠᠩᠰᠠᠨ ᠳᠤ ᠬᠦᠢᠴᠡᠳ ᠬᠡᠮᠵᠢᠶᠡᠨ ᠤ ᠨᠠᠰᠤᠵᠢᠯ ᠤᠨ ᠲᠠᠭᠠᠳᠬᠠᠯ ᠤᠨ ᠰᠦᠢᠳᠬᠡᠯ ᠢ ᠬᠠᠲᠠᠭᠠᠯᠠᠵᠦ᠂ ᠤᠷᠤᠨ | ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠲᠠᠷᠤᠢ ᠲᠤᠬᠲᠠᠬᠰᠠᠨ ᠬᠤᠭᠤᠴᠠᠭᠠᠨ ᠳᠤ ᠰᠦᠢᠳᠬᠡᠯ ᠢ | ᠰᠢᠯᠵᠢᠭᠦᠯᠦᠨ ᠲᠤᠰᠢᠶᠠᠨ᠎ᠠ᠃ | ᠠᠰᠠᠭᠤᠯᠲᠠ᠄ ᠺᠠᠷᠲ ᠢᠶᠠᠷ ᠨᠠᠰᠤᠵᠢᠯ ᠤᠨ ᠲᠠᠭᠠᠳᠬᠠᠯ ᠤᠨ ᠮᠦᠩᠬᠦ ᠪᠠᠨ ᠬᠡᠷᠬᠢᠨ ᠭᠠᠷᠭᠠᠨ ᠠᠪᠬᠤ ᠪᠤᠢ︖ | | ᠬᠠᠷᠢᠭᠤᠯᠲᠠ᠄ ᠺᠠᠷᠲ ᠲᠠᠷᠬᠠᠭᠠᠬᠰᠠᠨ ᠪᠠᠩᠬᠢ ᠪᠤᠶᠤ ᠪᠤᠰᠤᠳ ᠪᠠᠩᠬᠢ ᠶᠢᠨ ᠲᠤᠷ᠎ᠠ ᠶᠢᠨ ᠨᠢᠭᠡ | ᠡᠵᠡᠩᠨᠡᠯᠲᠡ ᠶᠢᠨ ᠰᠦᠯᠵᠢᠶᠡᠨ ᠴᠡᠭ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠡᠭ ᠪᠤᠶᠤ ATM ᠮᠠᠰᠢᠨ ᠢᠶᠠᠷ ᠨᠠᠰᠤᠵᠢᠯ ᠤᠨ ᠲᠠᠭᠠᠳᠬᠠᠯ ᠤᠨ ᠮᠦᠩᠬᠦ ᠵᠡᠷᠭᠡ | ᠬᠠᠷᠠᠭᠠᠯᠵᠠᠯ ᠤᠨ ᠮᠦᠩᠬᠦ ᠶᠢ ᠦᠪᠡᠰᠦᠪᠡᠨ ᠭᠠᠷᠭᠠᠨ ᠠᠪᠴᠤ ᠪᠤᠯᠤᠨ᠎ᠠ︔ ᠮᠦᠨ ᠴᠤ ᠬᠤᠲᠠᠯᠲᠤᠭᠠᠨ ᠤ ᠲᠠᠯᠠᠪᠠᠢ᠂ | ᠪᠠᠭᠤᠲᠠᠯ ᠵᠡᠷᠭᠡ ᠶᠢᠨ ᠲᠤᠷ᠎ᠠ ᠶᠢᠨ ᠨᠢᠭᠡᠨ POS ᠮᠠᠰᠢᠨ ᠲᠡᠭᠡᠷ᠎ᠡ ᠴᠤ ᠺᠠᠷᠲ ᠢᠶᠠᠨ ᠰᠢᠷᠪᠢᠵᠦ ᠬᠡᠷᠡᠭᠯᠡᠭᠡ ᠬᠢᠵᠦ | ᠪᠤᠯᠤᠨ᠎ᠠ᠃ | ᠠᠰᠠᠭᠤᠯᠲᠠ᠄ ᠺᠠᠷᠲ ᠢᠶᠠᠷ ᠢᠶᠠᠨ ᠬᠡᠷᠬᠢᠨ ᠡᠮᠴᠢᠯᠡᠭᠦᠯᠵᠦ ᠳ᠋ᠦ᠋ᠩᠨᠡᠨ ᠪᠤᠳᠤᠬᠤ ᠪᠤᠢ︖ | ᠬᠠᠷᠢᠭᠤᠯᠲᠠ᠄ ᠡᠮ ᠡᠮᠨᠡᠯᠭᠡ ᠶᠢᠨ ᠲᠠᠭᠠᠳᠬᠠᠯ᠂ ᠦᠷᠡᠵᠢᠯ ᠤᠨ ᠲᠠᠭᠠᠳᠬᠠᠯ᠂ ᠠᠵᠢᠯ ᠠᠴᠠ ᠪᠤᠯᠤᠬᠰᠠᠨ | ᠬᠡᠮᠲᠦᠯ ᠤᠨ ᠲᠠᠭᠠᠳᠬᠠᠯ ᠳᠤ ᠤᠷᠤᠯᠴᠠᠬᠰᠠᠨ ᠬᠦᠮᠦᠰ ᠪᠦᠷ ᠺᠠᠷᠲ ᠢᠶᠠᠷ ᠢᠶᠠᠨ ᠦᠪᠡᠷᠲᠡᠭᠡᠨ ᠵᠠᠰᠠᠬᠤ ᠤᠷᠤᠨ ᠤ | ᠲᠤᠬᠲᠠᠬᠰᠠᠨ ᠴᠡᠭ ᠤᠨ ᠡᠮᠨᠡᠯᠭᠡ ᠳᠤ ᠡᠮᠴᠢᠯᠡᠭᠦᠯᠬᠦ ᠳᠤ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠷ ᠢᠶᠠᠨ ᠴᠠᠬ | ᠲᠤᠬᠠᠢ ᠳᠤᠨᠢ ᠳ᠋ᠦ᠋ᠩᠨᠡᠨ ᠪᠤᠳᠤᠵᠦ ᠪᠤᠯᠤᠨ᠎ᠠ᠃ | ᠠᠰᠠᠭᠤᠯᠲᠠ᠄ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠡᠷᠬᠢᠨ ᠨᠦᠬᠦᠨ ᠠᠪᠬᠤ ᠪᠤᠶᠤ ᠰᠤᠯᠢᠬᠤ ᠪᠤᠢ︖ | | ᠬᠠᠷᠢᠭᠤᠯᠲᠠ᠄ ᠺᠠᠷᠲ ᠨᠦᠬᠦᠬᠦ᠂ ᠺᠠᠷᠲ ᠰᠤᠯᠢᠬᠤ ᠳᠤ ᠺᠠᠷᠲ ᠲᠠᠷᠬᠠᠭᠠᠬᠰᠠᠨ ᠪᠠᠩᠬᠢ ᠳᠤ ᠬᠦᠷᠴᠦ | ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠭᠠᠷ ᠬᠦᠢᠴᠡᠳᠬᠡᠯ ᠬᠢᠵᠦ | ᠂ ᠴᠠᠬ ᠲᠤᠬᠠᠢ ᠳᠤᠨᠢ ᠺᠠᠷᠲ ᠢᠶᠠᠨ ᠨᠦᠬᠦᠬᠦ ᠪᠤᠶᠤ ᠰᠤᠯᠢᠨ᠎ᠠ᠃ ᠤᠪᠤᠭ ᠨᠡᠷ᠎ᠡ ᠪᠠᠨ ᠦᠭᠡᠷᠡᠴᠢᠯᠡᠬᠦ᠂ ᠨᠡᠶᠢᠭᠡᠮ ᠤᠨ | ᠪᠠᠲᠤᠯᠠᠪᠤᠷᠢ ᠶᠢᠨ ᠨᠤᠮᠧᠷ ᠢᠶᠠᠨ ᠦᠭᠡᠷᠡᠴᠢᠯᠡᠬᠦ ᠳᠤ ᠤᠷᠢᠲᠠᠪᠠᠷ ᠮᠡᠲᠡᠭᠡ ᠵᠠᠩᠬᠢ ᠪᠠᠨ ᠦᠭᠡᠷᠡᠴᠢᠯᠡᠬᠦ ᠭᠠᠷ | ᠬᠦᠢᠴᠡᠳᠬᠡᠯ ᠬᠢᠨ᠎ᠡ᠃ | ᠠᠰᠠᠭᠤᠯᠲᠠ᠄ ᠠᠵᠢᠯ ᠤᠯᠭᠤᠯᠲᠠ ᠶᠢᠨ ᠭᠠᠵᠠᠷ ᠪᠤᠯᠤᠨ ᠲᠠᠭᠠᠳᠬᠠᠯ ᠳᠤ ᠤᠷᠤᠯᠴᠠᠬᠰᠠᠨ ᠭᠠᠵᠠᠷ ᠨᠢ | ᠬᠤᠪᠢᠷᠠᠬᠰᠠᠨ ᠬᠤᠶᠢᠨ᠎ᠠ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠦᠷᠭᠦᠯᠵᠢᠯᠡᠨ ᠬᠡᠷᠡᠭᠯᠡᠵᠦ ᠪᠤᠯᠤᠨ᠎ᠠ ᠤᠤ︖ | | ᠬᠠᠷᠢᠭᠤᠯᠲᠠ᠄ ᠬᠡᠷᠡᠭᠯᠡᠵᠦ ᠪᠤᠯᠬᠤ ᠦᠭᠡᠢ᠃ ᠺᠠᠷᠲ ᠢᠶᠠᠨ ᠠᠪᠴᠤ ᠲᠤᠬᠠᠢ ᠶᠢᠨ ᠭᠠᠵᠠᠷ ᠤᠨ ᠤᠯᠠᠨ | ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠳᠤ | ᠬᠦᠷᠴᠦ ᠠᠵᠢᠯ ᠤᠯᠤᠬᠰᠠᠨ ᠢᠶᠠᠷ ᠲᠡᠮᠲᠡᠭᠯᠡᠬᠦᠯᠬᠦ ᠪᠤᠶᠤ ᠨᠡᠶᠢᠭᠡᠮ ᠤᠨ ᠲᠠᠭᠠᠳᠬᠠᠯ ᠢ ᠭᠠᠷᠲᠠᠨ ᠬᠢᠵᠦ ᠪᠠᠶᠢᠭ᠎ᠠ | ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠲᠠᠭᠠᠳᠬᠠᠯ ᠳᠤ ᠤᠷᠤᠯᠴᠠᠬᠰᠠᠨ ᠬᠠᠷᠢᠴᠠᠭ᠎ᠠ ᠪᠠᠨ | ᠲᠦᠷᠬᠡᠭᠡᠨ ᠰᠢᠯᠵᠢᠭᠦᠯᠦᠨ ᠵᠠᠯᠭᠠᠭᠤᠯᠬᠤ ᠶᠢᠨ ᠬᠠᠮᠲᠦ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ | ᠴᠤᠩᠬᠤᠪᠴᠢ ᠳᠤ ᠬᠦᠷᠴᠦ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ ᠨᠢᠭᠡᠲᠦᠯᠲᠡᠢ ᠲᠦᠯᠦᠪᠵᠢᠭᠦᠯᠬᠦ ᠭᠠᠵᠠᠷ ᠲᠤ | ᠬᠦᠷᠴᠦ ᠰᠢᠯᠵᠢᠭᠦᠯᠬᠦ ᠬᠡᠷᠡᠭᠲᠡᠢ᠃ ᠮᠤᠵᠢ ᠠᠯᠤᠰᠯᠠᠨ ᠰᠢᠯᠵᠢᠭᠦᠯᠬᠦ ᠳᠤ ᠰᠢᠯᠵᠢᠭᠦᠯᠦᠨ ᠭᠠᠷᠭᠠᠬᠰᠠᠨ ᠭᠠᠵᠠᠷ ᠨᠢ | ᠤᠤᠯ ᠤᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠬᠦᠴᠦᠨ ᠦᠭᠡᠢ ᠪᠤᠯᠭᠠᠬᠰᠠᠨ ᠬᠤᠶᠢᠨ᠎ᠠ ᠬᠦᠯᠢᠶᠡᠨ ᠠᠪᠴᠤ | ᠵᠠᠯᠭᠠᠭᠤᠯᠤᠬᠰᠠᠨ ᠭᠠᠵᠠᠷ ᠲᠤ ᠲᠠᠬᠢᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢ ᠡᠷᠡᠮᠡᠯᠵᠡᠯᠡᠨ ᠠᠪᠤᠨ᠎ᠠ᠃ | ᠠᠰᠠᠭᠤᠯᠲᠠ᠄ ᠬᠡᠷᠡᠭᠯᠡᠬᠦ ᠦᠭᠡᠢ ᠪᠤᠯᠤᠬᠰᠠᠨ ᠨᠡᠶᠢᠭᠡᠮ ᠤᠨ ᠪᠠᠲᠤᠯᠠᠪᠤᠷᠢ ᠶᠢᠨ ᠺᠠᠷᠲ ᠢᠶᠠᠨ ᠬᠡᠷᠬᠢᠨ | ᠰᠢᠢᠳᠪᠦᠷᠢᠯᠡᠬᠦ ᠪᠤᠢ︖ | ᠬᠠᠷᠢᠭᠤᠯᠲᠠ᠄ ᠺᠠᠷᠲ ᠤᠨ ᠡᠵᠡᠨ ᠨᠢ ᠨᠠᠰᠤ ᠪᠠᠷᠠᠬᠰᠠᠨ᠂ ᠰᠤᠷᠠᠬ ᠦᠭᠡᠢ ᠪᠤᠯᠤᠬᠰᠠᠨ ᠪᠤᠶᠤ ᠬᠢᠯᠢ ᠠᠴᠠ | ᠭᠠᠷᠴᠤ ᠭᠠᠳᠠᠭᠠᠳᠤ ᠳᠤ ᠰᠠᠭᠤᠷᠢᠰᠢᠬᠰᠠᠨ ᠵᠡᠷᠭᠡ ᠰᠢᠯᠲᠠᠭᠠᠨ ᠠᠴᠠ ᠪᠤᠯᠵᠦ ᠨᠡᠶᠢᠭᠡᠮ ᠤᠨ ᠪᠠᠲᠤᠯᠠᠪᠤᠷᠢ ᠶᠢᠨ | ᠺᠠᠷᠲ ᠢᠶᠠᠨ ᠬᠡᠷᠡᠭᠯᠡᠬᠦ ᠴᠢᠬᠤᠯᠠ ᠦᠭᠡᠢ ᠪᠤᠯᠤᠬᠰᠠᠨ ᠪᠤᠯ᠂ ᠺᠠᠷᠲ ᠤᠨ ᠡᠵᠡᠨ ᠪᠤᠶᠤ ᠲᠡᠭᠦᠨ ᠤ ᠬᠠᠤᠯᠢ ᠳᠤ | ᠲᠤᠬᠲᠠᠬᠰᠠᠨ ᠵᠠᠯᠭᠠᠮᠵᠢᠯᠠᠬᠴᠢ ᠨᠢ ᠺᠠᠷᠲ ᠢᠶᠠᠨ ᠠᠪᠴᠤ ᠭᠠᠷᠲᠠᠨ ᠬᠦᠢᠴᠡᠳᠭᠡᠭᠰᠡᠨ ᠦᠢᠯᠡᠴᠢᠯᠡᠭᠡᠨ ᠤ | ᠪᠠᠶᠢᠭᠤᠯᠤᠮᠵᠢ ᠳᠤ ᠬᠦᠷᠴᠦ ᠠᠵᠢᠯ ᠢ ᠲᠠᠭᠤᠰᠬᠠᠬᠤ ᠭᠠᠷ ᠬᠦᠢᠴᠡᠳᠬᠡᠯ ᠢ ᠬᠢᠵᠦ᠂ ᠲᠠᠬᠢᠨ ᠨᠡᠶᠢᠭᠡᠮ ᠤᠨ | ᠪᠠᠲᠤᠯᠠᠪᠤᠷᠢ ᠶᠢᠨ ᠺᠠᠷᠲ ᠤᠨ ᠦᠢᠯᠡᠴᠢᠯᠡᠭᠡᠨ ᠤ ᠴᠤᠩᠬᠤᠪᠴᠢ ᠳᠤ ᠬᠦᠷᠴᠦ ᠨᠡᠶᠢᠭᠡᠮ ᠤᠨ ᠪᠠᠲᠤᠯᠠᠪᠤᠷᠢ ᠶᠢᠨ | ᠬᠡᠷᠡᠭᠯᠡᠭᠡᠨ ᠢ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠬᠢᠵᠦ᠂ ᠡᠴᠦᠰ ᠲᠤ ᠺᠠᠷᠲ ᠲᠠᠷᠬᠠᠭᠠᠬᠰᠠᠨ | ᠪᠠᠩᠬᠢ ᠶᠢᠨ ᠲᠤᠷ᠎ᠠ ᠶᠢᠨ ᠨᠢᠭᠡ ᠲᠤᠤᠷᠴᠢᠯᠠᠬᠰᠠᠨ ᠡᠵᠡᠩᠨᠡᠯᠲᠡ ᠶᠢᠨ ᠰᠦᠯᠵᠢᠶᠡᠨ ᠴᠡᠭ ᠲᠤ ᠬᠦᠷᠴᠦ ᠡᠷᠦᠭᠡ ᠶᠢ | ᠬᠦᠴᠦᠨ ᠦᠭᠡᠢ ᠪᠤᠯᠭᠠᠬᠤ᠂ ᠺᠠᠷᠲ ᠢ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠬᠢᠨ᠎ᠡ᠃ ᠬᠡᠭᠡᠭᠰᠡᠨ ᠢᠶᠠᠷ | ᠮᠡᠲᠡᠭᠦᠯᠦᠭᠰᠡᠨ ᠮᠦᠷᠲᠡᠭᠡᠨ ᠺᠠᠷᠲ ᠨᠦᠬᠦᠬᠦ ᠭᠠᠷ ᠬᠦᠢᠴᠡᠳᠬᠡᠯ ᠢ ᠬᠢᠭᠰᠡᠨ ᠪᠤᠯᠪᠠᠴᠤ ᠲᠠᠬᠢᠨ ᠨᠡᠶᠢᠭᠡᠮ ᠤᠨ | ᠪᠠᠲᠤᠯᠠᠪᠤᠷᠢ ᠶᠢᠨ ᠺᠠᠷᠲ ᠢᠶᠠᠨ ᠡᠷᠢᠨ ᠤᠯᠤᠬᠰᠠᠨ ᠪᠤᠯ᠂ ᠨᠡᠶᠢᠭᠡᠮ ᠤᠨ ᠪᠠᠲᠤᠯᠠᠪᠤᠷᠢ ᠶᠢᠨ ᠺᠠᠷᠲ ᠤᠨ | ᠦᠢᠯᠡᠴᠢᠯᠡᠭᠡᠨ ᠤ ᠴᠤᠩᠬᠤᠪᠴᠢ ᠪᠤᠶᠤ ᠺᠠᠷᠲ ᠲᠠᠷᠬᠠᠭᠠᠬᠰᠠᠨ ᠪᠠᠩᠬᠢ ᠶᠢᠨ ᠲᠤᠷ᠎ᠠ ᠶᠢᠨ ᠨᠢᠭᠡᠨ ᠡᠵᠡᠩᠨᠡᠯᠲᠡ ᠶᠢᠨ | ᠰᠦᠯᠵᠢᠶᠡᠨ ᠴᠡᠭ ᠲᠤ ᠬᠦᠷᠴᠦ ᠺᠠᠷᠲ ᠢᠶᠠᠨ ᠬᠦᠴᠦᠨ ᠦᠭᠡᠢ ᠪᠤᠯᠭᠠᠬᠤ ᠭᠠᠷ ᠬᠦᠢᠴᠡᠳᠬᠡᠯ ᠢ ᠬᠢᠵᠦ ᠪᠤᠯᠤᠨ᠎ᠠ᠃ | |