ᠬᠦᠬᠡᠬᠤᠲᠠ ᠶᠢᠨ ᠷᠠᠳᠢᠣ᠋ ᠲᠤᠯᠸᠢᠰ ᠬᠤᠷᠢᠶᠠᠨ ᠤ ᠮᠤᠩᠭᠤᠯ ᠭᠡᠯᠡᠨ ᠤ ᠶᠡᠷᠦᠩᠬᠡᠶᠢᠯᠡᠭᠰᠡᠨ ᠷᠠᠳᠢᠣ᠋ ᠳᠠᠪᠳᠠᠮᠵᠢ ᠶᠢᠨ ᠨᠡᠬᠡᠬᠡᠯᠲᠠ ᠶᠢᠨ ᠶᠤᠰᠤᠯᠠᠯ ᠪᠤᠯᠵᠤ ᠦᠩᠭᠡᠷᠡᠪᠡ
ᠨᠡᠶᠢᠲᠡᠯᠡᠭᠰᠡᠨ ᠴᠠᠭ᠄
2018-03-14
     ᠰᠢᠨᠬᠤᠧᠠ ᠮᠣᠩᠬᠤᠯ ᠨᠧᠲ ᠬᠦᠬᠡᠬᠤᠲᠠ ᠶᠢᠨ 3 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠰᠤᠷᠤᠶ᠎ᠠ︶ 12 ᠤᠨ ᠡᠳᠦᠷ ᠤᠨ ᠦᠳᠡ ᠠᠴᠠ ᠡᠮᠦᠨ᠎ᠠ᠂ ᠬᠦᠬᠡᠬᠤᠲᠠ ᠶᠢᠨ ᠷᠠᠳᠢᠣ᠋ ᠲᠤᠯᠸᠢᠰ ᠬᠤᠷᠢᠶᠠᠨ ᠤ ᠮᠤᠩᠭᠤᠯ ᠭᠡᠯᠡᠨ ᠤ ᠶᠡᠷᠦᠩᠬᠡᠶᠢᠯᠡᠭᠰᠡᠨ ᠷᠠᠳᠢᠣ᠋ ᠳᠠᠪᠳᠠᠮᠵᠢ ᠶᠢᠨ ᠨᠡᠬᠡᠬᠡᠯᠲᠠ ᠶᠢᠨ ᠶᠤᠰᠤᠯᠠᠯ ᠬᠦᠬᠡᠬᠤᠲᠠ ᠶᠢᠨ ᠷᠠᠳᠢᠣ᠋ ᠲᠤᠯᠸᠢᠰ ᠬᠤᠷᠢᠶᠠᠨ ᠳᠤ ᠪᠤᠯᠵᠤ ᠦᠩᠭᠡᠷᠡᠪᠡ᠃
     ᠤᠶᠢᠯᠠᠭᠠᠬᠰᠠᠨ ᠢᠶᠠᠷ᠂ ᠲᠤᠰ ᠮᠤᠩᠭᠤᠯ ᠭᠡᠯᠡᠨ ᠤ ᠶᠡᠷᠦᠩᠬᠡᠶᠢᠯᠡᠭᠰᠡᠨ ᠷᠠᠳᠢᠣ᠋ ᠶᠢ ᠡᠳᠦᠷ ᠪᠤᠯᠭᠠᠨ ᠤ 06᠄ 25 ᠴᠠᠭ ᠠᠴᠠ 23᠄ 30 ᠴᠠᠭ ᠪᠤᠯᠲᠠᠯ᠎ᠠ 17 ᠴᠠᠭ 5 ᠮᠢᠨᠦ᠋ᠲ ᠨᠡᠪᠲᠡᠷᠡᠭᠦᠯᠤᠨ᠎ᠠ᠃ ᠠᠭᠤᠯᠭ᠎ᠠ ᠶᠢᠨ ᠬᠤᠪᠢ ᠳᠤ᠂ ᠲᠦᠪ ᠤᠨ ᠠᠷᠠᠳ ᠤᠨ ᠷᠠᠳᠢᠤ᠋ ᠨᠡᠪᠳᠡᠷᠡᠬᠦᠯᠭᠡ ᠶᠢᠨ ᠬᠤᠷᠢᠶᠠᠨ ᠤ ᠮᠤᠩᠭᠤᠯ ᠭᠡᠯᠡᠨ ᠤ ᠨᠡᠪᠳᠡᠷᠡᠬᠦᠯᠭᠡ᠂ ᠦᠪᠤᠷ ᠮᠤᠩᠭᠤᠯ ᠤᠨ ᠷᠠᠳᠢᠤ᠋ ᠲᠤᠯᠸᠢᠰ ᠬᠤᠷᠢᠶᠠᠨ ᠤ ᠮᠤᠩᠭᠤᠯ ᠷᠠᠳᠢᠤ᠋ ᠶᠢᠨ ᠰᠤᠨᠢᠨ ᠮᠡᠳᠡᠭᠡᠨ ᠤ ᠫᠷᠦᠭᠷᠡᠮ ᠢ ᠲᠠᠮᠵᠢᠭᠤᠯᠤᠨ ᠨᠡᠪᠳᠡᠷᠡᠬᠦᠯᠬᠦ ᠶᠢᠨ ᠬᠠᠮᠳᠤ ︽ᠬᠦᠬᠡᠬᠤᠳᠠ ᠶᠢᠨ ᠰᠤᠨᠢᠨ ᠮᠡᠳᠡᠭᠡ︾᠂ ︽ᠠᠶᠢᠮᠠᠭ ᠬᠤᠳᠠ ᠶᠢᠨ ᠰᠤᠨᠢᠨ ᠰᠠᠶᠢᠬᠠᠨ︾᠂ ︽ᠭᠡᠶᠢᠮᠤᠷᠢ ᠲᠠᠯᠠᠯᠤᠭᠰᠠᠨ ᠬᠦᠬᠡᠬᠤᠳᠠ︾᠂ ︽ᠲᠤᠷᠭᠠᠨ ᠭᠡᠯᠨ︾᠂ ︽ᠭᠡᠤᠭᠡᠳ ᠤᠨ ᠴᠡᠩᠭᠡᠯᠳᠤ ᠬᠤᠷᠸ᠎ᠠ︾᠂ ︽ᠵᠠᠯᠠᠭᠤ ᠽᠠᠨᠳᠠᠨ ᠨᠠᠰᠤ︾᠂ ︽ᠤᠷᠠᠨ ᠵᠤᠬᠢᠶᠠᠯ ᠤᠨ ᠰᠤᠨᠢᠷᠬᠠᠮᠵᠢ︾᠂ ︽ᠠᠶᠠᠯᠭᠤ ᠲᠤᠪᠴᠢᠶᠠᠨ︾᠂ ︽ᠴᠠᠭ ᠠᠭᠤᠷ ᠵᠠᠮ ᠨᠠᠪᠳᠡᠷᠡᠯᠭᠡ︾᠂ ︽ᠰᠤᠷᠠᠭ ᠵᠠᠩᠬᠢ︾ ᠵᠡᠷᠭᠡ ᠦᠪᠡᠷᠳᠡᠭᠡᠨ ᠰᠢᠩᠭᠡᠭᠡᠨ ᠤᠶᠢᠯᠡᠳᠦᠭᠰᠡᠨ ᠪᠤᠶᠤ ᠰᠢᠭᠤᠳ ᠨᠡᠪᠳᠡᠷᠡᠬᠦᠯᠬᠦ 10 ᠫᠷᠦᠭᠷᠡᠮ ᠪᠠᠭᠲᠠᠨ᠎ᠠ᠃      ᠲᠠᠨᠢᠯᠴᠠᠭᠤᠯᠤᠭᠰᠠᠨ ᠢᠶᠠᠷ᠂ ᠬᠦᠬᠡᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠵᠦᠪ ᠤᠨᠤᠪᠴᠢᠳᠠᠢ ᠤᠳᠤᠷᠢᠳᠤᠯᠭ᠎ᠠ ᠪᠠ ᠲᠡᠮᠵᠢᠯᠭᠡ ᠲᠤᠤᠷ᠎ᠠ᠂ ᠬᠦᠬᠡᠬᠤᠳᠠ ᠶᠢᠨ ᠷᠠᠳᠢᠤ᠋ ᠲᠤᠯᠸᠢᠰ ᠬᠤᠷᠢᠶᠠᠨ ᠤ ᠮᠤᠩᠭᠤᠯ ᠭᠡᠯᠡᠨ ᠤ ᠶᠡᠷᠤᠩᠭᠡᠶᠢᠯᠡᠭᠰᠡᠨ ᠷᠠᠳᠢᠣ᠋ 2017 ᠤᠨ ᠤ 9 ᠰᠠᠷ᠎ᠠ ᠶᠢᠨ 7 ᠤ ᠡᠳᠤᠷ ᠤᠯᠤᠰ ᠤᠨ ᠰᠤᠨᠢᠨ ᠮᠡᠳᠡᠭᠡ ᠷᠠᠳᠢᠤ᠋ ᠲᠤᠯᠸᠢᠰ ᠤᠨ ᠶᠡᠷᠤᠩᠭᠡᠢ ᠲᠤᠪᠴᠢᠶᠠᠨ ᠤ ᠵᠦᠪᠰᠢᠶᠡᠷᠡᠯ ᠢ ᠤᠯᠤᠬᠰᠠᠨ ᠶᠤᠮ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号